ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠦᠷᠭᠡᠳᠬᠡᠭᠰᠡᠨ ᠬᠤᠷᠠᠯ ᠬᠤᠷᠠᠯᠳᠤᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/11/15
       11 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠭᠡᠭᠰᠡᠨ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠵᠡᠢ᠃        ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠴᠢᠬᠤᠯᠠ ᠲᠡᠦᠬᠡᠨ ᠴᠠᠭ ᠮᠥᠴᠡ ᠳᠤ᠂ ᠨᠠᠮ ᠠᠴᠠ ᠠᠷᠠᠳ ᠲᠦᠮᠡᠨ ᠢ ᠤᠳᠤᠷᠢᠳᠤᠨ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠥ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠦ ᠪᠠᠶᠢᠭ᠎ᠠ ᠴᠢᠬᠤᠯᠠ ᠶᠡᠭᠡ ᠲᠡᠦᠬᠡᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠪᠤᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠤᠯᠤᠰ ᠲᠦᠷᠦ ᠶᠢᠨ ᠲᠤᠩᠬᠠᠭ ᠮᠦᠨ᠂ ᠲᠡᠦᠬᠡ ᠪᠠᠷ ᠲᠣᠯᠢ ᠪᠣᠯᠭᠠᠬᠤ᠂ ᠢᠷᠡᠭᠡᠳᠦᠶ ᠶᠢ ᠨᠡᠭᠡᠭᠡᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠵᠢᠯᠯᠠᠭᠠᠨ ᠤ ᠵᠦᠭᠯᠡᠭᠦᠷ ᠮᠦᠨ᠂ ᠡᠨᠡ ᠨᠢ ᠪᠦᠬᠦ ᠨᠠᠮ ᠢ ᠳᠠᠶᠢᠴᠢᠯᠠᠵᠤ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠭᠡᠵᠥ᠂ ᠦᠵᠡᠯᠳᠠ ᠵᠤᠷᠢᠯᠳᠠ ᠪᠠᠨ ᠨᠢᠬᠡᠳᠬᠡᠵᠥ᠂ ᠦᠢᠯᠡ ᠠᠵᠢᠯᠯᠠᠭ᠎ᠠ ᠪᠠᠨ ᠨᠢᠬᠡᠳᠬᠡᠵᠥ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠥ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠲᠡᠮᠡᠴᠡᠬᠦ ᠳᠤ ᠯᠠᠪᠲᠠᠶ ᠴᠢᠬᠤᠯᠠ ᠶᠡᠭᠡ ᠪᠥᠭᠡᠳ ᠠᠯᠤᠰ ᠬᠡᠲᠦ ᠶᠢᠨ ᠨᠥᠯᠥᠭᠡ ᠭᠠᠷᠭᠠᠬᠤ ᠪᠣᠯᠤᠨ᠎ᠠ᠃ ᠢᠯᠠᠩᠭᠤᠶ᠎ᠠ ︽ ᠰᠢᠢᠳᠪᠦᠷᠢ︾ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠭᠡᠬᠦ ᠡᠨᠡ ᠬᠦ ᠭᠤᠣᠯᠳᠠᠯᠭ᠎ᠠ ᠶᠢ ᠳᠣᠪᠤᠶᠢᠯᠭᠠᠵᠤ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠪᠠ ᠤᠯᠤᠰ ᠤᠨ ᠠᠵᠢᠯ ᠦᠶ᠋ᠯᠡᠰ ᠤᠨ ᠣᠯᠤᠭᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ᠂ ᠡᠭᠦᠰᠦᠭᠰᠡᠨ ᠲᠡᠦᠬᠡᠲᠦ ᠴᠢᠨᠠᠷᠲᠠᠶ ᠬᠤᠪᠢᠰᠤᠯᠲᠠ ᠪᠠ ᠬᠤᠷᠠᠮᠳᠤᠭᠤᠯᠤᠭᠰᠠᠨ ᠰᠢᠨ᠎ᠡ ᠰᠣᠷᠭᠤᠭ ᠲᠤᠷᠰᠢᠯᠭ᠎ᠠ ᠶᠢ ᠭᠦᠨᠵᠡᠭᠡᠶ ᠳ᠋ᠦᠩᠨᠡᠭᠰᠡᠨ ᠨᠢ᠂ ᠪᠥᠬᠦ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠢᠲᠡᠭᠡᠯ ᠵᠣᠷᠢᠭ ᠢ ᠨᠢ ᠴᠢᠨᠠᠬᠰᠢᠳᠠ ᠪᠠᠲᠤᠳᠬᠠᠨ᠂ ᠬᠢᠵᠦ ᠪᠠᠶᠢᠭ᠎ᠠ ᠠᠵᠢᠯ ᠶᠠᠪᠤᠳᠠᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ ᠂ ᠨᠠᠩ ᠴᠤᠭ ᠪᠠᠳᠠᠷᠠᠩᠭᠤᠶ ᠳᠦᠷᠰᠦ ᠪᠠᠶᠢᠳᠠᠯ ᠢᠶᠠᠷ ᠰᠢᠨ᠎ᠡ ᠠᠶᠠᠨ ᠳᠤ ᠮᠣᠷᠳᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠵᠢᠳᠬᠦᠯ ᠪᠠᠶᠢᠭᠤᠯᠬᠤ ᠳᠤ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠪᠠ ᠠᠬᠤᠶᠢᠴᠢ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠪᠢᠳᠡ ᠤᠬᠠᠮᠰᠠᠷ ᠠᠴᠠ ᠪᠠᠨ ︽ᠭᠤᠷᠪᠠᠨ ᠭᠡᠷᠡᠭᠴᠡᠭᠡ︾ ᠶᠢᠨ ᠤᠯᠤᠰ ᠲᠥᠷᠥ ᠶᠢᠨ ᠦᠨᠳᠦᠷᠴᠡ ᠳᠤ ᠵᠣᠭᠰᠣᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠮᠠᠨ ᠤ ᠨᠠᠮ ᠤᠨ ᠵᠠᠭᠤᠨ ᠵᠢᠯ ᠤᠨ ᠲᠣᠮᠣ ᠨᠠᠮ ᠪᠣᠯᠤᠭᠰᠠᠨ ᠤ ᠬᠤᠪᠢ ᠳᠠᠬᠢ ᠭᠦᠨ ᠵᠤᠵᠠᠭᠠᠨ ᠲᠡᠦᠬᠡᠨ ᠬᠠᠶᠢᠷ᠎ᠠ ᠰᠡᠳᠭᠢᠯᠭᠡ᠂ ᠪᠠᠳᠤ ᠴᠢᠩᠭ᠎ᠠ ᠲᠡᠦᠬᠡ ᠶᠢᠨ ᠢᠲᠡᠭᠡᠯ᠂ ᠳᠡᠭᠡᠳᠦ ᠬᠡᠮᠵᠢᠶᠡᠨ ᠤ ᠲᠡᠦᠬᠡ ᠶᠢᠨ ᠤᠬᠠᠮᠰᠠᠷ ᠢ ᠬᠦᠨᠵᠡᠭᠡᠢ ᠤᠶᠢᠯᠠᠭᠠᠨ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠣᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠬᠦ ᠬᠡᠷᠡᠭᠲᠡᠶ ᠬᠡᠵᠥ ᠵᠢᠭᠠᠵᠥ ᠭᠠᠷᠭᠠᠪᠠ᠃        ᠬᠤᠷᠠᠯ ᠠᠴᠠ᠂ ᠶᠡᠭᠡ ᠬᠦᠴᠦ ᠣᠷᠣᠭᠤᠯᠵᠤ᠂ ᠰᠢᠷᠭᠠᠭᠤ ᠴᠢᠷᠮᠠᠶᠢᠯᠭ᠎ᠠ ᠭᠠᠷᠭᠠᠵᠤ ᠪᠠᠶᠢᠭᠠᠳ ︽ᠰᠢᠢᠳᠪᠦᠷᠢ︾ ᠶᠢᠨ ᠡᠯᠪᠡᠭ ᠪᠠᠶᠠᠯᠢᠭ ᠠᠭᠤᠯᠤᠭᠳᠠᠬᠤᠨ ᠪᠣᠯᠤᠨ ᠵᠣᠷᠢᠭ ᠰᠠᠨᠠᠭᠠᠨ ᠤ ᠮᠥᠨ ᠴᠢᠨᠠᠷ ᠢ ᠰᠠᠶᠢᠲᠤᠷ ᠰᠤᠷᠤᠯᠴᠠᠵᠤ ᠨᠡᠪᠲᠡᠷᠡᠲᠡᠯ᠎ᠡ ᠣᠶᠢᠯᠠᠭᠠᠵᠤ᠂ ᠭᠦᠨᠵᠡᠭᠡᠢ ᠰᠤᠷᠤᠯᠴᠠᠨ ᠲᠤᠭᠤᠷᠠᠲᠠᠯ᠎ᠠ ᠡᠵᠡᠮᠰᠢᠨ᠂ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠲᠠᠶᠢᠯᠬᠦ᠂ ᠮᠠᠷᠺᠰ ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠬᠤ ᠲᠡᠦᠬᠡ ᠶᠢᠨ ᠯᠣᠭᠢᠭ᠂ ᠤᠨᠤᠯ ᠤᠨ ᠯᠣᠭᠢᠭ᠂ ᠦᠢᠯᠡᠳᠦᠯᠭᠡ ᠶᠢᠨ ᠯᠣᠭᠢᠭ ᠢ ᠴᠢᠨᠠᠭᠰᠢᠳᠠ ᠲᠣᠳᠣᠷᠬᠠᠢ ᠣᠶᠢᠯᠠᠭᠠᠵᠤ᠂ ᠤᠴᠢᠷ ᠰᠢᠯᠳᠠᠭᠠᠨ ᠢ ᠨᠢ ᠮᠡᠳᠡᠵᠤ᠂ ᠲᠡᠭᠦᠨ ᠤ ᠵᠠᠶᠢᠯᠠᠰᠢ ᠦᠭᠡᠢ ᠴᠢᠨᠠᠷ ᠢ ᠮᠡᠳᠡᠬᠦ ᠬᠡᠷᠡᠭᠲᠡᠢ᠃ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡᠲᠦ ᠠᠴᠢ ᠬᠤᠯᠪᠣᠭᠳᠠᠯ ᠢ ᠭᠦᠨᠵᠡᠭᠡᠢ ᠤᠢᠢᠯᠠᠭᠠᠨ ᠡᠵᠡᠮᠰᠢᠵᠦ᠂ ︽4 ᠠᠭᠤᠤ ᠶᠡᠭᠡ ᠠᠮᠵᠢᠯᠲᠠ ᠪᠦᠲᠦᠮᠵᠢ︾᠂ ︽4 ᠠᠭᠤᠤ ᠶᠡᠭᠡ ᠦᠰᠦᠷᠦᠯᠲᠡ︾ ᠶᠢᠨ ᠲᠤᠬᠠᠢ ᠲᠠᠨᠢᠯᠲᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ᠂ ᠳᠤᠮᠳᠠᠳᠤ ᠶᠢᠨ ᠦᠨᠳᠦᠰᠦᠲᠡᠨ᠂ ᠮᠠᠷᠺᠰ ᠤᠨ ᠦᠵᠡᠯ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠦᠢᠯᠡᠰ᠂ ᠮᠠᠷᠺᠰ ᠤᠨ ᠦᠵᠡᠯ ᠤᠨ ᠲᠦᠷᠦ ᠶᠢᠨ ᠨᠠᠮ ᠤᠨ ᠪᠠᠶᠢᠭᠤᠯᠤᠯᠲᠠ ᠳᠤ ᠦᠵᠡᠭᠦᠯᠦᠭᠰᠡᠨ ᠭᠠᠷᠮᠠᠭᠠᠢ ᠬᠤᠪᠢ ᠨᠡᠮᠡᠷᠢ ᠶᠢᠨ ᠲᠤᠬᠠᠢ ᠲᠠᠨᠢᠯᠲᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠲᠡᠦᠬᠡ ᠶᠢᠨ ᠢᠲᠡᠭᠡᠯ ᠢᠶᠠᠨ ᠨᠡᠩ ᠪᠠᠲᠤᠳᠬᠠᠵᠤ᠂ ᠤᠬᠠᠮᠰᠠᠷ ᠠᠴᠠ ᠪᠠᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤ ᠰᠠᠬᠢᠵᠤ᠂ ᠨᠡᠩ ᠢᠲᠡᠭᠡᠯ ᠲᠡᠭᠦᠯᠳᠡᠷ ᠢᠶᠠᠷ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠠᠮᠢᠳᠤᠯᠢᠭ ᠦᠢᠯᠡᠳᠦᠯᠭᠡ ᠳᠤ ᠣᠷᠣᠯᠴᠠᠬᠤ ᠬᠡᠷᠡᠭᠲᠡᠢ᠃ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠬᠢᠯᠪᠠᠷ ᠪᠤᠰᠤ ᠪᠠᠷ ᠢᠷᠡᠭᠰᠡᠨ᠂ ᠦᠨᠳᠦᠰᠦᠨ ᠴᠢᠨᠠᠷᠲᠠᠢ ᠠᠯᠤᠰ ᠬᠡᠳᠦ ᠶᠢᠨ ᠵᠢᠯᠣᠭᠤᠳᠬᠤ ᠠᠴᠢ ᠬᠤᠯᠪᠣᠭᠳᠠᠯ ᠲᠠᠢ ᠡᠳᠡᠭᠡᠷ ᠡᠷᠬᠢᠮ ᠨᠠᠨᠳᠢᠨ ᠲᠤᠷᠰᠢᠯᠭ᠎ᠠ ᠶᠢ ᠬᠤᠪᠢ ᠲᠠᠬᠢᠨ ᠨᠠᠨᠳᠢᠩᠨᠠᠵᠤ᠂ ᠡᠷᠡᠰ ᠪᠠᠷᠢᠮᠲᠠᠯᠠᠵᠤ᠂ ᠲᠡᠭᠦᠨ ᠢ ᠦᠨᠡᠨ ᠬᠦ ᠪᠠᠲᠤ ᠴᠢᠩᠭ᠎ᠠ ᠤᠯᠤᠰ ᠲᠦᠷᠦ ᠶᠢᠨ ᠴᠢᠳᠠᠪᠤᠷᠢ᠂ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠲᠡᠦᠬᠡ ᠪᠠᠷ ᠲᠤᠯᠢ ᠪᠣᠯᠭᠠᠬᠤ᠂ ᠢᠷᠡᠭᠡᠳᠦᠢ ᠶᠢ ᠨᠡᠭᠡᠭᠡᠨ ᠡᠭᠦᠳᠬᠦ ᠴᠢᠬᠤᠯᠠ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠭᠡᠭᠴᠢ ᠶᠠᠭᠤ ᠪᠣᠢ᠂ ᠶᠠᠭᠤ ᠬᠢᠬᠦ ᠶᠤᠰᠤᠳᠠᠢ ᠪᠤᠢ ᠭᠡᠬᠦ ᠡᠨᠡ ᠬᠦ ᠦᠨᠳᠦᠰᠦᠨ ᠠᠰᠠᠭᠤᠳᠠᠯ ᠢ ᠢᠮᠠᠭᠲᠠ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠤᠯᠭ᠎ᠠ ᠶᠢ ᠪᠠᠷᠢᠮᠲᠠᠯᠠᠵᠤ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠪᠠᠨ ᠡᠭᠦᠷᠢᠳᠡ ᠪᠠᠲᠤᠯᠠᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠵᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠬᠡᠷᠡᠭᠲᠡᠢ᠃ ᠵᠠᠭᠤᠨ ᠵᠢᠯ ᠤᠨ ᠲᠡᠦᠬᠡᠨ ᠬᠠᠭᠤᠳᠠᠰᠤᠨ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠶᠢᠰᠦᠨ ᠵᠢᠯ ᠪᠣᠯ ᠬᠠᠮᠤᠭ ᠤᠨ ᠬᠡᠷᠡᠯ ᠰᠠᠴᠤᠷᠠᠩᠭᠤᠶ᠂ ᠬᠠᠮᠤᠭ ᠤᠨ ᠥᠳᠭᠡᠨ ᠵᠤᠵᠠᠭᠠᠨ ᠥᠩᠭᠡ ᠪᠤᠳᠤᠭ ᠪᠦᠬᠦᠢ ᠨᠢᠬᠡ ᠬᠠᠭᠤᠳᠠᠰᠤ ᠪᠣᠯᠤᠨ᠎ᠠ᠃ ︽ᠰᠢᠢᠳᠪᠦᠷᠢ︾ ᠳᠤ᠂ ︽ᠬᠤᠶᠠᠷ ᠢ ᠲᠣᠭᠲᠠᠭᠠᠬᠤ︾ ᠨᠢ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠠᠬᠢᠴᠠ ᠳᠤ ᠰᠢᠢᠳᠪᠦᠷᠢᠯᠡᠭᠴᠢ ᠴᠢᠨᠠᠷ ᠪᠦᠬᠦᠢ ᠠᠴᠢ ᠬᠤᠯᠪᠣᠭᠳᠠᠯ ᠲᠠᠢ ᠶᠤᠮ᠂ ᠡᠨᠡ ᠪᠣᠯ ᠨᠠᠮ ᠤᠨ ᠵᠠᠭᠤᠨ ᠵᠢᠯ ᠤᠨ ᠲᠡᠮᠡᠴᠡᠯ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠠᠭᠤᠤ ᠶᠡᠭᠡ ᠦᠢᠯᠡᠳᠦᠯᠭᠡ ᠶᠢ ᠭᠦᠨᠵᠡᠭᠡᠢ ᠳ᠋ᠦᠩᠨᠡᠵᠦ ᠣᠯᠤᠭᠰᠠᠨ ᠴᠢᠬᠤᠯᠠ ᠲᠡᠦᠬᠡᠨ ᠳ᠋ᠦᠩᠨᠡᠯᠲᠡ ᠮᠥᠨ᠂ ᠪᠦᠬᠦ ᠨᠠᠮ ᠤᠨ ᠬᠠᠮᠲᠤ ᠶᠢᠨ ᠬᠦᠰᠡᠯ ᠵᠣᠷᠢᠯᠲᠠ ᠶᠢ ᠢᠯᠡᠷᠡᠭᠦᠯᠵᠦ᠂ ᠠᠷᠠᠳ ᠲᠦᠮᠡᠨ ᠤ ᠬᠠᠮᠲᠤ ᠶᠢᠨ ᠬᠦᠰᠡᠯ ᠪᠤᠳᠤᠯ ᠢ ᠲᠤᠰᠬᠠᠭᠰᠠᠨ ᠴᠢᠬᠤᠯᠠ ᠶᠡᠭᠡ ᠤᠯᠤᠰ ᠲᠦᠷᠦ ᠶᠢᠨ ᠨᠤᠲᠠᠯᠠᠯᠲᠠ ᠮᠥᠨ ᠭᠡᠵᠦ ᠲᠤᠲᠤᠷᠬᠠᠶᠢᠢᠯᠠᠪᠠ᠃ ᠦᠷᠭᠡᠡ ᠤᠯᠠᠠ ᠨᠠᠮ ᠤᠨ ᠭᠡᠰᠢᠭᠦᠨ᠂ ᠺᠠᠳ᠋ᠷ ᠢ ᠬᠦᠮᠦᠵᠢᠭᠦᠯᠵᠦ ᠬᠦᠲᠦᠯᠦᠨ ᠲᠠᠭᠠᠭᠤᠯᠵᠦ ᠪᠠᠶᠢᠭᠠᠳ ᠮᠠᠨ ᠤ ᠨᠠᠮ ᠳᠡᠯᠡᠬᠡᠢ ᠶᠢᠨ ᠵᠠᠭᠤᠨ ᠵᠢᠯ ᠳᠤ ᠳᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠳᠤᠮᠳᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠡᠭᠡᠭᠦᠯᠵᠦ ᠪᠣᠯᠤᠰᠢ ᠦᠭᠡᠢ ᠲᠡᠦᠬᠡ ᠶᠢᠨ ᠠᠬᠢᠴᠠ ᠳᠤ ᠣᠷᠣᠭᠤᠯᠵᠤ ᠴᠢᠳᠠᠭᠰᠠᠨ ᠨᠢ ᠡᠴᠦᠰ ᠤᠨ ᠡᠴᠦᠰ ᠲᠡᠭᠡᠨ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠷ ᠢ ᠠᠳᠬᠤᠨ ᠠᠶᠠᠯᠠᠯ ᠢ ᠵᠢᠯᠣᠭᠤᠳᠤᠭᠰᠠᠨ ᠳᠤ ᠪᠠᠶᠢᠨ᠎ᠠ᠂ ᠭᠤᠣᠯᠯᠠᠬᠴᠢ ᠶᠢᠨ ᠦᠢᠯᠡᠳᠦᠯ ᠪᠠ ᠬᠠᠷᠢᠭᠤᠴᠠᠯᠭ᠎ᠠ ᠡᠭᠦᠷᠭᠡᠯᠡᠯ᠂ ᠤᠳᠤᠷᠢᠳᠤᠭᠴᠢ ᠶᠢᠨ ᠲᠠᠲᠠᠬᠤ ᠬᠦᠴᠦᠨ ᠪᠠ ᠬᠡᠪ ᠨᠠᠮᠪᠠ ᠳᠤ ᠪᠠᠶᠢᠨ᠎ᠠ᠂ ᠦᠨᠡᠨ ᠬᠦ ᠪᠣᠳᠠᠲᠤ ᠠᠵᠢᠯᠯᠠᠭ᠎ᠠ ᠪᠠᠷ ᠢᠶᠠᠨ ᠭᠤᠣᠯᠯᠠᠭᠴᠢ ᠳᠠᠭᠠᠨ ᠦᠨᠡᠨᠴᠢ ᠪᠠᠶᠢᠵᠤ᠂ ᠭᠤᠣᠯᠯᠠᠭᠴᠢ ᠪᠠᠨ ᠬᠦᠷᠢᠶᠡᠯᠡᠵᠦ᠂ ᠭᠤᠣᠯᠯᠠᠭᠴᠢ ᠲᠠᠢ ᠪᠠᠨ ᠨᠢᠭᠡᠳᠦᠯᠲᠡᠢ ᠪᠠᠶᠢᠵᠤ᠂ ᠭᠤᠣᠯᠯᠠᠭᠴᠢ ᠪᠠᠨ ᠬᠠᠮᠠᠭᠠᠯᠠᠵᠤ᠂ ᠨᠡᠩ ᠡᠷᠡᠰ ᠪᠠᠲᠤ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠰᠡᠡ ᠢ ᠨᠡᠩ ᠭᠦᠨᠵᠡᠭᠡᠢ ᠲᠠᠨᠢᠭᠤᠯᠬᠤ ᠭᠡᠷᠡᠭᠲᠡᠢ ᠭᠡᠵᠤ ᠴᠢᠬᠤᠯᠠᠴᠢᠯᠠᠪᠠ᠃        ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠪᠠ ᠬᠤᠶᠢᠰᠢᠳᠠ ᠶᠢᠨ ᠭᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠬᠢᠵᠦ᠂ ᠲᠡᠷᠡ ᠬᠡᠪ ᠢᠶᠠᠷ ᠨᠢ ᠰᠤᠷᠤᠯᠴᠠᠵᠤ᠂ ᠳᠠᠬᠢᠨ ᠳᠠᠪᠲᠠᠨ ᠭᠦᠨᠵᠡᠭᠡᠶ ᠰᠤᠷᠤᠯᠴᠠᠵᠤ᠂ ᠨᠡᠪᠲᠡᠷᠡᠲᠡᠯ᠎ᠡ ᠰᠤᠷᠤᠯᠴᠠᠵᠤ᠂ ᠪᠣᠳᠠᠲᠠᠶ ᠲᠠᠢ ᠪᠠᠨ ᠤᠶᠠᠯᠳᠤᠭᠤᠯᠤᠨ ᠰᠤᠷᠤᠯᠴᠠᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ︽ᠰᠢᠶ᠋ᠳᠪᠦᠷᠢ︾ ᠶᠢ ᠰᠡᠳᠭᠢᠯ ᠳᠡᠯᠪᠢᠨ ᠬᠦᠴᠦ ᠳᠡᠯᠪᠢᠨ ᠰᠤᠷᠤᠯᠴᠠᠨ ᠣᠶᠢᠯᠠᠭᠠᠵᠤ᠂ ᠡᠭᠦᠨ ᠤ ᠳᠤᠮᠳᠠ ᠠᠴᠠ ᠢᠲᠡᠭᠡᠯ ᠪᠢᠰᠢᠷᠡᠯ ᠤᠨ ᠬᠦᠴᠦᠨ ᠴᠢᠳᠠᠯ ᠢ ᠲᠠᠰᠤᠷᠠᠯᠲᠠ ᠥᠬᠡᠶ ᠰᠢᠩᠭᠡᠭᠡᠨ ᠠᠪᠴᠤ᠂ ᠬᠦᠴᠢᠷ ᠪᠡᠷᠬᠡᠰᠢᠶᠡᠯ ᠢ ᠢᠯᠡᠨ ᠳᠠᠪᠠᠵᠤ ᠢᠯᠠᠯᠲᠠ ᠤᠯᠬᠤ ᠣᠶᠤᠨ ᠤᠬᠠᠭᠠᠨ ᠢ ᠲᠠᠰᠤᠷᠠᠯᠲᠠ ᠥᠬᠡᠶ ᠰᠢᠩᠭᠡᠭᠡᠨ ᠠᠪᠴᠤ᠂ ᠲᠡᠦᠬᠡ ᠰᠤᠷᠴᠤ ᠶᠣᠰᠣ ᠤᠴᠢᠷ ᠢ ᠮᠡᠳᠡᠬᠦ᠂ ᠲᠡᠦᠬᠡ ᠰᠤᠷᠴᠤ ᠢᠲᠡᠭᠡᠯ ᠢᠶᠠᠨ ᠨᠡᠮᠡᠭᠳᠡᠭᠦᠯᠬᠦ ᠲᠡᠦᠬᠡ ᠰᠤᠷᠴᠤ ᠶᠣᠰᠣ ᠮᠣᠷᠠᠯ ᠢ ᠡᠷᠬᠢᠮᠯᠡᠬᠦ᠂ ᠲᠡᠦᠬᠡ ᠰᠤᠷᠴᠤ ᠦᠶ᠋ᠯᠡᠳᠦᠯᠭᠡᠵᠢᠭᠦᠯᠬᠦ ᠲᠠᠯ᠎ᠠ ᠪᠠᠷ ᠨᠠᠩ ᠶᠡᠭᠡ ᠠᠮᠵᠢᠯᠲᠠ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠴᠠᠭ ᠲᠤᠬᠠᠢ ᠳᠤᠨᠢ ᠤᠯᠠᠮᠵᠢᠯᠠᠨ ᠰᠤᠷᠤᠯᠴᠠᠬᠤ ᠠᠵᠢᠯ ᠢ ᠵᠣᠬᠢᠶᠠᠨ ᠪᠠᠶᠢᠭᠤᠯᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠥᠰᠦᠯ ᠢ ᠱᠠᠯᠠᠪᠳᠠᠵᠦ ᠰᠤᠳᠤᠯᠤᠨ ᠲᠣᠭᠲᠠᠭᠠᠵᠤ᠂ ᠤᠳᠤᠷᠢᠳᠬᠤ ᠪᠠᠭ ᠪᠠ ᠤᠳᠤᠷᠢᠳᠬᠤ ᠺᠠᠳ᠋ᠷ ᠢᠶᠠᠷ ᠭᠤᠣᠯᠳᠠᠯᠭ᠎ᠠ ᠪᠣᠯᠭᠠᠨ ᠲᠤᠰᠬᠠᠢ ᠴᠠᠭ ᠲᠤᠬᠢᠷᠠᠭᠤᠯᠵᠦ ᠲᠥᠪᠯᠡᠷᠡᠭᠦᠯᠦᠨ ᠰᠤᠷᠤᠯᠴᠠᠵᠦ ᠰᠤᠳᠤᠯᠤᠨ ᠶᠠᠷᠢᠯᠴᠠᠵᠤ᠂ ᠤᠬᠠᠭᠤᠯᠤᠨ ᠲᠠᠶᠢᠯᠪᠤᠷᠢᠯᠠᠬᠤ ᠠᠵᠢᠯ ᠢ ᠢᠳᠡᠪᠬᠢᠲᠡᠢ ᠰᠠᠶᠢᠲᠤᠷ ᠠᠳᠬᠤᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠭᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠭᠤᠣᠯᠳᠠᠯᠭ᠎ᠠ ᠪᠣᠯᠭᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠣᠯᠠᠨ ᠲᠦᠮᠡᠨ ᠤ ᠨᠠᠮ ᠤᠨ ᠲᠡᠦᠬᠡ ᠶᠢᠨ ᠬᠥᠭᠵᠢᠯᠲᠡ ᠶᠢᠨ ᠭᠤᠤᠯ ᠰᠡᠳᠦᠪ ᠭᠤᠤᠯ ᠰᠢᠵᠢᠮ᠂ ᠭᠤᠤᠯ ᠤᠷᠤᠰᠬᠠᠯ ᠤᠨ ᠮᠥᠨ ᠴᠢᠨᠠᠷ ᠢ ᠣᠨᠣᠪᠴᠢᠲᠠᠶ ᠡᠵᠡᠮᠰᠢᠭᠦ ᠶᠢ ᠬᠥᠲᠥᠯᠥᠨ ᠵᠢᠯᠣᠭᠤᠳᠴᠤ᠂ ᠨᠠᠩ ᠰᠠᠶᠢᠲᠤᠷ ᠨᠠᠮ ᠤᠨ ᠲᠡᠦᠬᠡ ᠶᠢ ᠰᠤᠷᠤᠯᠴᠠᠭᠤᠯᠵᠤ᠂ ᠦᠵᠡᠯ ᠰᠠᠨᠠᠭ᠎ᠠ ᠶᠢ ᠣᠶᠢᠯᠠᠭᠠᠭᠤᠯᠵᠤ᠂ ᠪᠣᠳᠠᠲᠤ ᠶᠠᠪᠤᠳᠠᠯ ᠬᠢᠯᠭᠡᠵᠦ᠂ ᠰᠢᠨ᠎ᠡ ᠪᠠᠶᠢᠳᠠᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠠᠴᠠ ᠣᠳᠣᠬᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠦ᠂ ᠳᠥᠷᠪᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠪᠣᠯᠤᠨ ᠲᠥᠷᠥᠯ ᠵᠦᠶ᠋ᠯ ᠤᠨ ᠡᠮᠦᠨᠡᠬᠢ ᠬᠤᠭᠤᠴᠠᠭᠠᠨ ᠤ ᠠᠵᠢᠯ ᠢ ᠴᠢᠩᠭᠠᠳᠬᠠᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠦᠶ᠋ᠯᠡᠳᠪᠦᠷᠢᠯᠡᠯ ᠠᠮᠢᠳᠤᠷᠠᠯ ᠢ ᠦᠨᠡᠨ ᠬᠦ ᠬᠠᠯᠠᠮᠵᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠠᠴᠠ ᠪᠥᠬᠦ ᠣᠷᠣᠨ ᠳᠤ ᠶᠡᠭᠡ ᠬᠡᠪᠴᠢᠶᠡᠨ ᠤ ᠴᠠᠰᠤ ᠣᠷᠣᠬᠰᠠᠨ ᠵᠡᠷᠭᠡ ᠣᠨᠴᠠᠭᠠᠶ ᠴᠠᠭ ᠠᠭᠤᠷ ᠢ ᠠᠷᠭᠠᠴᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠠᠯᠠᠭᠤᠨ ᠬᠦᠢᠳᠡᠨ ᠢ ᠦᠨᠡᠨ ᠬᠦ ᠰᠡᠳᠭᠢᠯ ᠳᠡᠭᠡᠨ ᠪᠤᠳᠤᠵᠤ᠂ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠮ ᠬᠠᠷᠢᠯᠴᠠᠭ᠎ᠠ ᠶᠢ ᠡᠮᠬᠢ ᠵᠢᠷᠤᠮ ᠲᠠᠢ ᠪᠠᠷ ᠰᠡᠷᠭᠦᠭᠡᠬᠦ ᠶᠢ ᠠᠬᠢᠭᠤᠯᠵᠤ᠂ ᠢᠯᠴᠢ ᠬᠠᠩᠭᠠᠬᠤ᠂ ᠨᠡᠭᠦᠷᠡᠰᠦ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠪᠠᠶᠢᠭᠠᠯᠢ ᠶᠢᠨ ᠰᠢᠳᠠᠮᠠᠬᠠᠢ ᠬᠡᠢ ᠬᠠᠩᠭᠠᠬᠤ᠂ ᠴᠢᠮᠡᠭᠡ ᠬᠤᠯᠪᠤᠭ᠎ᠠ ᠵᠡᠷᠭᠡ ᠲᠥᠬᠦᠭᠡᠷᠦᠮᠵᠢ ᠶᠢ ᠪᠠᠶᠢᠴᠠᠭᠠᠨ ᠰᠡᠯᠪᠢᠬᠦ ᠪᠠ ᠬᠠᠮᠠᠭᠠᠯᠠᠬᠤ ᠶᠢ ᠴᠢᠩᠭᠠᠳᠬᠠᠵᠤ᠂ ᠲᠠᠷᠢᠶᠠᠯᠠᠩ ᠤᠨ ᠲᠤᠰᠠᠯᠠᠬᠤ ᠢᠳᠡᠭᠡᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠭᠠᠮᠰᠢᠭᠳᠠᠭᠰᠠᠨ ᠤᠯᠠᠨ ᠲᠦᠮᠡᠨ ᠢ ᠠᠪᠤᠷᠠᠨ ᠲᠤᠰᠠᠯᠠᠵᠤ ᠠᠪᠤᠷᠠᠨ ᠲᠡᠳᠭᠦᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠰᠠᠶᠢᠲᠤᠷ ᠬᠢᠬᠦ ᠬᠡᠷᠡᠭᠲᠡᠢ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠭᠠᠮᠰᠢᠭᠳᠠᠭᠰᠠᠨ ᠭᠠᠵᠠᠷ ᠣᠷᠣᠨ ᠤ ᠣᠯᠠᠨ ᠲᠦᠮᠡᠨ ᠤ ᠣᠷᠣᠨ ᠰᠠᠭᠤᠴᠠ᠂ ᠲᠠᠷᠢᠶᠠᠯᠠᠩ ᠮᠠᠯ ᠠᠵᠤ ᠠᠬᠤᠶ ᠶᠢᠨ ᠲᠦᠭᠦᠭᠡᠷᠦᠮᠵᠢ ᠵᠡᠷᠭᠡ ᠪᠠᠶᠢᠳᠠᠯ ᠢ ᠱᠠᠯᠠᠪᠳᠠᠵᠦ ᠵᠣᠬᠢᠶᠠᠨ ᠪᠠᠶᠢᠭᠤᠯᠵᠦ ᠵᠢᠭᠰᠠᠭᠠᠨ ᠪᠠᠶᠢᠴᠠᠭᠠᠵᠤ᠂ ᠨᠤᠷᠠᠵᠤ ᠶᠡᠭᠦᠷᠡᠭᠰᠡᠨ ᠵᠢᠴᠢ ᠡᠪᠳᠡᠭᠳᠡᠭᠰᠡᠨ ᠲᠦᠭᠦᠭᠡᠷᠦᠮᠵᠢ ᠶᠢ ᠲᠦᠷᠭᠡᠬᠡᠨ ᠰᠡᠯᠪᠢᠨ ᠵᠠᠰᠠᠬᠤ ᠬᠡᠷᠡᠭᠲᠡᠶ᠃ ᠭᠤᠣᠯᠳᠠᠯᠭ᠎ᠠ ᠲᠠᠢ ᠵᠠᠮ ᠤᠨ ᠬᠡᠰᠡᠭ᠂ ᠭᠤᠣᠯᠳᠠᠯᠭ᠎ᠠ ᠲᠠᠢ ᠣᠷᠣᠨ ᠪᠠᠶᠢᠷᠢ ᠳᠤ ᠪᠦᠬᠦᠯᠢ ᠡᠳᠦᠷ ᠢᠶᠠᠷ ᠲᠣᠭᠤᠷᠢᠨ ᠴᠠᠭᠳᠠᠵᠤ ᠬᠠᠮᠢᠶᠠᠷᠤᠨ ᠡᠵᠡᠮᠳᠡᠵᠦ᠂ ᠡᠯ᠎ᠡ ᠲᠥᠷᠥᠯ ᠤᠨ ᠵᠠᠮ ᠲᠡᠭᠡᠭᠡᠪᠦᠷᠢ ᠶᠢᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢᠶᠠᠨ ᠲᠡᠭᠦᠯᠳᠡᠷᠵᠢᠭᠦᠯᠦᠨ᠂ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠵᠤ᠂ ᠠᠶᠤᠯ ᠠᠴᠠ ᠠᠪᠤᠷᠠᠬᠤ ᠡᠩᠨᠡᠭᠡ ᠶᠢ ᠰᠠᠶᠢᠲᠤᠷ ᠲᠤᠬᠢᠷᠠᠭᠤᠯᠤᠨ᠂ ᠲᠤᠨᠤᠭ ᠲᠥᠬᠦᠭᠡᠷᠦᠮᠵᠢ ᠡᠳ᠋ ᠪᠣᠳᠠᠰ ᠢ ᠭᠦᠢᠴᠡᠳ ᠲᠦᠬᠦᠷᠵᠢᠬᠦᠯᠵᠤ᠂ ᠵᠢᠵᠢᠭᠦᠷᠯᠡᠨ ᠰᠠᠬᠢᠬᠤ ᠪᠠᠨ ᠴᠢᠩᠭᠠᠳᠬᠠᠨ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号