ᠸᠠᠩ ᠸᠠᠩ ᠱᠧᠩ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠲᠣᠭᠠᠴᠢᠯᠠᠭᠰᠠᠨ ᠠᠵᠤ ᠠᠬᠤᠶ ᠵᠡᠷᠭᠡ ᠭᠤᠤᠯᠳᠠᠯᠭ᠎ᠠ ᠲᠠᠢ ᠠᠵᠢᠯ ᠤᠨ ᠲᠤᠬᠠᠶ ᠭᠤᠤᠯ ᠬᠤᠲᠠ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/11/15
           11 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠤᠷᠢᠳ ᠬᠤᠵᠢᠳ ᠤᠯᠠᠭᠠᠨᠬᠠᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠣᠯᠠᠨ ᠤᠯᠤᠰ ᠤᠨ ᠪᠠᠭ᠎ᠠ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ᠂ ᠤᠯᠠᠭᠠᠨᠬᠠᠳᠠ ᠶᠢᠨ ᠲᠣᠭᠠᠴᠢᠯᠠᠭᠰᠠᠨ ᠪᠦᠲᠦᠭᠡᠯᠴᠢ ᠲᠥᠰᠦᠪᠯᠡᠯ ᠤᠨ ᠰᠠᠭᠤᠷᠢᠨ ᠭᠠᠵᠠᠷ᠂ ᠤᠯᠠᠭᠠᠨᠬᠠᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠪᠣᠯᠤᠨ ᠰᠦᠩᠱᠠᠨ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠡᠰᠡᠭ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠳᠠᠯᠠᠪᠠᠢ ᠳᠤ ᠬᠦᠷᠴᠦ᠂ ᠲᠥᠷᠥᠯ ᠵᠦᠢᠯ ᠢ ᠲᠥᠰᠦᠪᠯᠡᠬᠦ᠂ ᠡᠮᠦᠨᠡᠬᠢ ᠬᠤᠭᠤᠴᠠᠭᠠᠨ ᠤ ᠭᠠᠷᠳᠠᠮ  ᠭᠦᠢᠴᠡᠳᠬᠡᠬᠦ ᠪᠠ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠣᠶᠢᠯᠠᠭᠠᠵᠤ᠂ ᠡᠬᠢ ᠪᠠᠶᠠᠯᠢᠭ ᠤᠨ ᠭᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠬᠢᠨᠠᠮᠠᠭᠠᠶ ᠡᠮᠬᠢᠯᠡᠵᠦ᠂ ᠪᠥᠲᠥᠭᠡᠨ ᠪᠠᠶᠢᠭᠤᠯᠤᠯᠲᠠ ᠶᠢᠨ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠰᠢᠢᠳᠪᠦᠷᠢᠯᠡᠵᠦ᠂ ᠢᠨᠵᠧᠨᠧᠷᠢᠩ ᠤᠨ ᠲᠥᠷᠥᠯ ᠵᠦᠢᠯ ᠢ ᠡᠷᠲᠡᠬᠡᠨ ᠪᠠᠶᠢᠭᠤᠯᠵᠤ ᠳᠠᠭᠤᠰᠬᠠᠨ᠂ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠠᠰᠢᠭ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠪᠠ᠃        ᠸᠠᠩ ᠸᠠᠩ ᠱᠧᠩ᠂ ᠤᠯᠠᠭᠠᠨᠬᠠᠳᠠ ᠬᠤᠲᠠ ᠪᠣᠯ ᠰᠤᠷᠭᠠᠨ ᠬᠥᠮᠦᠵᠢᠯ ᠤᠨ ᠲᠣᠮᠣ ᠬᠤᠲᠠ ᠮᠥᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠮᠠᠭᠲᠠ ᠰᠤᠷᠭᠠᠨ ᠬᠥᠮᠦᠵᠢᠯ ᠢ ᠤᠷᠢᠳ ᠢᠶᠠᠷ ᠠᠬᠢᠭᠤᠯᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠭᠰᠠᠭᠠᠷ ᠢᠷᠡᠪᠡ᠃ ᠡᠯ᠎ᠡ ᠭᠠᠵᠠᠷ ᠣᠷᠣᠨ ᠨᠢ ᠬᠥᠮᠦᠨ ᠠᠮᠠ ᠶᠢᠨ ᠲᠤᠭ᠎ᠠ᠂ ᠨᠠᠰᠤᠨ ᠤ ᠪᠦᠲᠦᠴᠡ ᠵᠢᠴᠢ ᠬᠥᠮᠦᠨ ᠠᠮᠠ ᠶᠢᠨ ᠪᠠᠶᠢᠳᠠᠯ ᠬᠠᠨᠳᠤᠰᠢ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ ᠵᠦᠶ ᠵᠣᠬᠢᠰᠲᠠᠶ ᠲᠥᠯᠥᠪᠵᠢᠭᠦᠯᠦᠨ ᠲᠣᠬᠢᠷᠠᠭᠤᠯᠵᠤ᠂ ᠰᠠᠭᠤᠷᠢ ᠲᠦᠬᠦᠭᠡᠷᠤᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠦᠲᠦᠴᠡ ᠵᠦᠶ ᠵᠣᠬᠢᠰᠲᠠᠶ᠂ ᠪᠠᠶᠢᠷᠢᠰᠢᠭᠤᠯᠤᠯᠲᠠ ᠰᠢᠨᠵᠢᠯᠡᠬᠦ ᠤᠬᠠᠭᠠᠨᠴᠢ᠂ ᠴᠢᠨᠠᠷ ᠰᠠᠶᠢᠲᠠᠶ ᠥᠨᠳᠥᠷ ᠪᠦᠳᠦᠮᠵᠢᠳᠦ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠷᠮᠠᠶᠢᠨ ᠪᠠᠶᠢᠭᠤᠯᠵᠤ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠦᠶ᠋ᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠶᠢ ᠲᠦᠷᠭᠡᠳᠬᠡᠨ᠂ ᠲᠥᠷᠥᠯ ᠵᠦᠢᠯ ᠢ ᠡᠷᠲᠡᠬᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠡᠷᠡᠭᠯᠡᠭᠡᠨ ᠤ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠶ ᠶᠡᠭᠡ ᠳᠡᠭᠡᠳᠤ ᠰᠤᠷᠭᠠᠭᠤᠯᠢ ᠶᠢ ᠪᠥᠲᠥᠭᠡᠨ ᠪᠠᠶᠢᠭᠤᠯᠬᠤ ᠳᠤ ᠰᠠᠭᠤᠷᠢ ᠲᠠᠯᠪᠢᠬᠤ ᠬᠡᠷᠡᠭᠲᠡᠶ ᠬᠡᠵᠤ ᠵᠢᠭᠠᠨ ᠭᠠᠷᠭᠠᠪᠠ᠃        ᠸᠠᠩ ᠸᠠᠩ ᠱᠧᠩ᠂ ᠲᠣᠭᠠᠴᠢᠯᠠᠭᠰᠠᠨ ᠪᠦᠲᠦᠭᠡᠯᠴᠢ ᠠᠵᠤ ᠦᠢᠯᠡᠰ ᠪᠣᠯ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠬᠥᠳᠡᠯᠭᠡᠭᠦᠷ ᠮᠥᠨ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠤᠯᠠᠷᠢᠯᠳᠠ ᠪᠣᠯᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠤᠯᠠᠭᠠᠨᠬᠠᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠲᠡᠢ ᠲᠤᠯᠭᠠᠭᠤᠷᠢᠯᠠᠯ ᠮᠥᠨ᠃ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠲᠣᠭᠠᠴᠢᠯᠠᠭᠰᠠᠨ ᠪᠦᠲᠦᠭᠡᠯᠴᠢ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠲᠡᠳᠬᠦᠵᠦ᠂ ᠰᠢᠨ᠎ᠡ ᠠᠵᠤ ᠦᠢᠯᠡᠰ ᠰᠢᠨ᠎ᠡ ᠵᠠᠭᠪᠤᠷ ᠢ ᠲᠦᠷᠭᠡᠨ ᠪᠤᠢ ᠪᠣᠯᠭᠠᠵᠤ᠂ ᠠᠵᠤ ᠠᠬᠤᠢ ᠶᠢᠨ ᠰᠢᠨ᠎ᠡ ᠶᠢ ᠡᠭᠦᠳᠬᠦ ᠬᠦᠴᠦᠨ ᠪᠣᠯᠤᠨ ᠦᠷᠢᠰᠦᠯᠳᠦᠬᠦ ᠬᠦᠴᠦᠨ ᠢ ᠴᠢᠩᠭᠠᠳᠬᠠᠵᠤ᠂ ᠬᠤᠳᠠ ᠶᠢᠨ ᠬᠥᠭᠵᠢᠯᠲᠡ ᠪᠣᠯᠤᠨ ᠬᠤᠳᠠ ᠶᠢᠨ ᠵᠠᠰᠠᠯᠲᠠ ᠳᠤ ᠬᠦᠴᠦᠨ ᠴᠢᠳᠠᠪᠤᠷᠢ ᠨᠡᠮᠡᠷᠢᠯᠡᠬᠦ ᠬᠡᠷᠡᠭᠲᠡᠢ᠃ ᠬᠥᠮᠦᠨ ᠤ ᠬᠦᠴᠦᠨ ᠤ ᠡᠬᠢ ᠪᠠᠶᠠᠯᠢᠭ ᠤᠨ ᠦᠶ᠋ᠯᠡᠴᠢᠯᠡᠭᠡᠨ ᠤ ᠠᠵᠤ ᠦᠶ᠋ᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠷ᠎ᠡ ᠠᠯᠳᠠᠷᠰᠢᠯ ᠲᠠᠢ᠂ ᠠᠵᠤ ᠦᠢᠯᠡᠰ ᠳᠡᠭᠡᠳᠤ ᠬᠡᠮᠵᠢᠶ᠎ᠡ ᠪᠠᠷ ᠳᠦᠪᠯᠡᠷᠡᠭᠰᠡᠨ᠂ ᠣᠲᠣ ᠶᠢᠨ ᠪᠠᠶᠢᠭ᠎ᠠ ᠠᠵᠤ ᠦᠢᠯᠡᠰ ᠯᠦᠭᠡ ᠵᠣᠬᠢᠴᠠᠯᠳᠤᠯ ᠢᠶᠠᠷ ᠥᠨᠳᠥᠷ ᠠᠵᠤ ᠠᠬᠤᠶᠢᠯᠠᠯ ᠪᠠ ᠲᠥᠷᠥᠯ ᠵᠦᠢᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠡᠷᠭᠡ ᠰᠠᠭᠤᠷᠢ ᠲᠥᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠰᠢᠯᠢᠳᠡᠭ ᠰᠠᠶᠢᠨ ᠠᠷᠠᠯᠵᠢᠶ᠎ᠠ ᠡᠵᠡᠩᠨᠡᠬᠦ ᠤᠷᠴᠢᠨ ᠨᠦᠬᠦᠴᠡᠯ ᠢ ᠪᠣᠶ ᠪᠣᠯᠭᠠᠵᠤ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠤᠨ ᠬᠦᠭᠵᠢᠬᠦᠯᠬᠦ ᠬᠤᠰᠢᠭᠤᠴᠢ ᠳᠤᠭᠤᠷᠢᠭ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠶ ᠬᠡᠵᠤ ᠴᠢᠬᠤᠯᠠᠴᠢᠯᠠᠵᠠᠢ᠃        ᠸᠠᠩ ᠸᠠᠩ ᠱᠧᠩ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠨᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ︽ᠭᠠᠵᠠᠷ ᠳᠤᠤᠷᠠᠬᠢ ᠣᠷᠳᠣ ᠴᠠᠭᠠᠨ ᠬᠡᠷᠡᠮ︾ ᠪᠣᠯᠬᠤ ᠪᠠᠷ ᠪᠠᠷᠠᠬᠤ ᠥᠬᠡᠶ᠂ ᠨᠠᠩ ᠴᠤ ᠭᠠᠵᠠᠷ ᠳᠤᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠴᠢᠬᠤᠯᠠ ᠠᠴᠢᠶᠠᠯᠠᠪᠤᠷᠢ ᠪᠣᠯᠤᠨ᠎ᠠ᠃ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠬᠢᠭᠡᠳ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠦᠨᠵᠡᠭᠡᠶ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠬᠡᠷᠡᠭᠲᠡᠶ᠃ ᠪᠠᠶᠢᠭᠤᠯᠵᠤ ᠪᠠᠶᠢᠭ᠎ᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠦᠷᠦᠯ ᠵᠦᠢᠯ ᠢ ᠠᠬᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠠᠬᠢᠴᠠ ᠶᠢ ᠲᠦᠷᠭᠡᠳᠬᠡᠨ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠳᠠᠭᠤᠰᠬᠠᠬᠤ ᠶᠢ ᠪᠠᠲᠤᠯᠠᠬᠤ ᠬᠡᠷᠡᠭᠲᠡᠢ ᠬᠡᠵᠤ ᠵᠢᠭᠠᠨ ᠭᠠᠷᠭᠠᠪᠠ᠃        ᠬᠤᠲᠠ ᠶᠢᠨ ᠳᠡᠳ᠋ ᠳᠠᠷᠤᠭ᠎ᠠ ᠭᠦᠸᠧ ᠰᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠠᠶ ᠬᠤᠩ ᠪᠥᠸᠧ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠧᠨ᠂ ᠬᠠᠮᠢᠶ᠎ᠠ ᠪᠥᠬᠦᠶ ᠭᠠᠵᠠᠷ ᠣᠷᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号