ᠨᠠᠮ ᠤᠨ ᠲᠤᠭ ᠪᠠ ᠴᠠᠭᠳᠠᠭᠠᠨ ᠤ ᠲᠤᠭ ︽ᠬᠢᠵᠢᠭ︾ ᠤᠨ ᠳᠠᠶᠢᠨ ᠤ ᠹᠷᠣᠨᠲ ᠲᠤ ᠨᠠᠮᠢᠷᠠᠵᠤ ᠴᠠᠭᠳᠠᠭᠠᠨ ᠤ ᠬᠢᠵᠢᠭ ᠲᠠᠢ ᠲᠡᠮᠡᠴᠡᠬᠦ ᠲᠠᠶᠢᠴᠢᠨ ᠬᠦᠴᠦᠨ ᠢ ᠨᠢᠭᠲᠠᠷᠠᠭᠤᠯᠪᠠ
ᠨᠡᠶᠢᠲᠡᠯᠡᠭᠰᠡᠨ ᠴᠠᠭ᠄
2021/11/16
                 ᠣᠶᠢᠷ᠎ᠠ ᠶᠢᠨ ᠡᠳᠦᠷ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠶ ᠶᠢᠨ ᠲᠠᠯᠠᠪᠤᠷ ᠲᠤ ᠨᠢ ᠰᠢᠪᠠᠳᠠᠨ ᠪᠠᠶᠢᠴᠠᠭᠠᠵᠤ᠂ ︽ᠬᠢᠵᠢᠭ︾ ᠤᠨ ᠹᠷᠣᠨᠲ ᠲᠤ ᠪᠠᠲᠤ ᠰᠠᠬᠢᠵᠤ ᠪᠠᠶᠢᠭ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠪᠣᠯᠭᠤᠭᠠᠨ ᠲᠤᠬᠤᠨᠢᠭᠤᠯᠪᠠ᠃        10 ᠳ᠋ᠤᠭᠠᠷ ᠰᠠᠷ᠎ᠠ ᠶᠢᠨ 31 ᠤ ᠦᠳᠡ ᠶᠢᠨ ᠬᠤᠶᠢᠨ᠎ᠠ᠂ ᠸᠠᠩ ᠯᠢ ᠰᠢᠶᠠ ᠴᠡᠭᠡ ᠪᠣᠭᠤᠮᠲᠠ ᠳᠤ ᠬᠦᠷᠴᠦ᠂ ᠲᠡᠷᠡ ᠵᠢᠵᠢᠭᠦᠷᠯᠡᠨ ᠰᠠᠬᠢᠵᠤ ᠪᠠᠶᠢᠭ᠎ᠠ ᠠᠵᠢᠯᠲᠠᠳ ᠤᠨ ᠲᠦᠷ ᠴᠠᠭ ᠤᠨ ᠮᠠᠶᠢᠬᠠᠨ ᠳᠤ ᠣᠷᠣᠵᠤ᠂ ᠣᠷᠣ ᠳᠡᠪᠢᠰᠬᠡᠷ ᠵᠡᠷᠭᠡ ᠵᠠᠷᠤᠳᠠᠯ ᠤᠨ ᠪᠣᠳᠠᠰ ᠢ ᠪᠠᠶᠢᠴᠠᠭᠠᠨ ᠦᠵᠡᠵᠦ᠂ ᠬᠠᠯᠠᠭᠤᠨ ᠬᠦᠢᠳᠡᠨ ᠢ ᠨᠢ ᠬᠠᠯᠠᠮᠵᠢᠯᠠᠨ ᠠᠰᠠᠭᠤᠪᠠ᠃ ᠲᠡᠷᠡ᠂ ᠨᠥᠬᠦᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠤᠯᠠᠨ ᠢᠶᠠᠷ ᠢᠶᠠᠨ ᠦᠷᠭᠦᠯᠵᠢᠯᠡᠨ ᠪᠠᠶᠢᠯᠳᠤᠬᠤ᠂ ᠬᠠᠷᠠᠮ ᠦᠭᠡᠢ ᠵᠣᠷᠢᠭᠤᠯᠬᠤ ᠰᠤᠷᠲᠠᠯ ᠢ ᠪᠠᠳᠠᠷᠠᠭᠤᠯᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠤᠰ ᠪᠡᠶ᠎ᠡ ᠶᠢᠨ ᠬᠠᠮᠠᠭᠠᠯᠠᠯᠲᠠ ᠪᠠᠨ ᠨᠠᠷᠢᠨ ᠬᠢᠨᠠᠮᠠᠭᠠᠢ ᠰᠠᠶᠢᠲᠤᠷ ᠬᠢᠵᠦ᠂ ᠵᠠᠪᠠᠯ ᠠᠮᠤᠷ ᠲᠦᠪᠰᠢᠨ ᠢᠯᠠᠯᠲᠠ ᠲᠠᠢ ᠪᠠᠷ ᠨᠤᠲᠤᠭ ᠲᠤ ᠪᠠᠨ ᠪᠤᠴᠠᠬᠤ ᠬᠡᠷᠡᠭᠲᠡᠢ ᠭᠡᠵᠦ ᠵᠠᠬᠢᠪᠠ᠃ ᠡᠭᠦᠨ ᠤ ᠵᠡᠷᠭᠡ ᠳᠤ ᠲᠤᠬᠠᠶ ᠶᠢᠨ ᠭᠠᠵᠠᠷ ᠤᠨ ᠬᠠᠷᠢᠭᠤᠴᠠᠯᠭᠠᠲᠠᠨ ᠨᠥᠬᠦᠳ ᠢ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠤᠨ ᠠᠵᠢᠯᠲᠠᠳ ᠢ ᠬᠠᠯᠠᠮᠵᠢᠯᠠᠨ ᠬᠠᠶᠢᠷᠠᠯᠠᠵᠤ᠂ ᠲᠡᠳᠡᠨ ᠤ ᠢᠳᠡᠭᠡᠨ ᠤᠮᠳᠠᠭᠠᠨ᠂ ᠵᠢᠵᠢᠭᠦᠷ ᠪᠠ ᠠᠮᠠᠷᠠᠯᠲᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠣᠯᠠᠨ ᠢ ᠴᠤᠭ ᠵᠢᠪᠬᠤᠭ᠎ᠠ ᠲᠡᠭᠦᠯᠳᠡᠷ᠂ ᠣᠶᠤᠨ ᠴᠢᠳᠠᠯ ᠲᠡᠭᠦᠯᠳᠡᠷ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠡᠨᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠶᠢᠯᠠᠯᠳᠤᠭᠠᠨ ᠳᠤ ᠣᠷᠣᠯᠴᠠᠭᠤᠯᠬᠤ ᠬᠡᠷᠡᠭᠲᠡᠶ ᠭᠡᠵᠦ ᠱᠠᠭᠠᠷᠳᠠᠪᠠ᠃        11 ᠳ᠋ᠦ᠋ᠭᠡᠷ ᠰᠠᠷ᠎ᠠ ᠶᠢᠨ 1 ᠤ ᠡᠳᠦᠷ᠂ ᠸᠠᠩ ᠯᠢ ᠰᠢᠶᠠ ᠱᠦᠢᠨᠢ ᠶᠢᠨ ᠦᠢᠯᠡᠳᠪᠦᠷᠢ ᠶᠢᠨ ᠲᠣᠨᠣᠯᠵᠢᠨ ᠵᠠᠮ ᠤᠨ ᠬᠤᠷᠢᠭ᠎ᠠ ᠴᠢᠭ ᠲᠤ ᠬᠦᠷᠴᠦ᠂ ᠲᠤᠬᠠᠶ ᠶᠢᠨ ᠲᠠᠯᠠᠪᠠᠶ ᠶᠢᠨ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠤᠶᠢᠯᠠᠭᠠᠭᠰᠠᠨ ᠪᠥᠭᠡᠳ᠂ ᠲᠡᠷᠭᠡᠨ ᠳᠡᠭᠡᠷ᠎ᠡ ᠬᠤᠨᠣᠵᠤ ᠬᠡᠪᠲᠡᠵᠦ᠂ ᠭᠠᠳᠠᠨ᠎ᠠ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠳᠤ ᠵᠤᠵᠠᠭᠠᠨ ᠬᠦᠷᠮ᠎ᠡ ᠬᠦᠷᠭᠡᠵᠦ᠂ ᠬᠦᠢᠲᠡᠨ ᠢ ᠰᠡᠷᠭᠡᠶᠢᠯᠡᠨ ᠳᠤᠯᠠᠭᠠᠯᠠᠬᠤ ᠪᠠᠨ ᠠᠩᠬᠠᠷᠴᠤ᠂ ᠠᠮᠤᠷ ᠲᠦᠪᠰᠢᠨ ᠤ ᠬᠠᠮᠠᠭᠠᠯᠠᠯᠲᠠ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠣᠪᠣᠷ᠂ ᠨᠢᠭᠲᠠ ᠴᠢᠩᠭ᠎ᠠ ᠠᠷᠭ᠎ᠠ ᠬᠡᠮᠵᠢᠶ᠎ᠡ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠪᠠᠷ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠰᠦᠨᠦᠭᠡᠯᠲᠡ ᠶᠢᠨ ᠲᠠᠶᠢᠯᠠᠯᠳᠤᠭᠠᠨ ᠤ ᠡᠴᠦᠰ ᠤᠨ ᠢᠯᠠᠯᠲᠠ ᠶᠢ ᠲᠡᠮᠡᠴᠡᠨ ᠤᠯᠬᠤ ᠬᠡᠷᠡᠭᠲᠡᠢ ᠭᠡᠵᠦ ᠳᠠᠬᠢᠨ ᠳᠠᠪᠲᠠᠨ ᠵᠠᠬᠢᠪᠠ᠃        ᠲᠤᠰ ᠡᠳᠦᠷ᠂ ᠡᠵᠡᠨ᠎ᠡ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠳᠤ᠂ ᠸᠠᠩ ᠯᠢ ᠰᠢᠶᠠ ᠵᠢᠵᠢᠭᠦᠷᠯᠡᠨ ᠰᠠᠬᠢᠵᠤ ᠪᠠᠶᠢᠭ᠎ᠠ ᠠᠵᠢᠯᠲᠠᠳ ᠲᠤ ᠴᠠᠬᠢᠯᠭᠠᠨ ᠬᠠᠯᠠᠭᠠᠭᠤᠷ ᠪᠣᠯᠤᠨ ᠵᠤᠵᠠᠭᠠᠨ ᠬᠦᠷᠮ᠎ᠡ ᠬᠦᠷᠭᠡᠬᠦ ᠶᠢᠨ ᠬᠠᠮᠲᠤ ᠲᠡᠳᠡᠨ ᠤ ᠰᠠᠭᠤᠵᠤ ᠪᠠᠶᠢᠭ᠎ᠠ ᠮᠠᠶᠢᠬᠠᠨ ᠳᠤ ᠣᠷᠣᠵᠤ ᠪᠠᠶᠢᠴᠠᠭᠠᠨ ᠦᠵᠡᠪᠡ᠃ ᠸᠠᠩ ᠯᠢ ᠰᠢᠶᠠ ᠤᠯᠠᠨ ᠢ ᠡᠷᠬᠡᠪᠰᠢ ᠵᠤᠵᠠᠭᠠᠯᠢᠭ ᠡᠮᠦᠰᠴᠦ᠂ ᠴᠢᠩᠭ᠎ᠠ ᠰᠡᠷᠭᠡᠶᠢᠯᠡᠨ ᠬᠠᠮᠠᠭᠠᠯᠠᠵᠤ᠂ ᠪᠦᠬᠦ ᠰᠡᠳᠬᠢᠯ ᠢᠶᠠᠷ ᠢᠶᠠᠨ ᠡᠭᠦᠷᠭᠡ ᠲᠤᠰᠢᠶᠠᠯ ᠪᠠ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ ᠭᠡᠵᠦ ᠵᠠᠬᠢᠪᠠ᠃          ᠲᠡᠷᠡ ᠬᠡᠯᠡᠬᠦ ᠳᠤ ᠪᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠨᠦᠭᠡᠯᠲᠡ ᠶᠢᠨ ᠲᠠᠶᠢᠯᠠᠯᠳᠤᠭᠠᠨ ᠤ ᠡᠴᠦᠰ ᠤᠨ ᠴᠠᠭ ᠮᠥᠴᠡ ᠪᠣᠯᠬᠤ ᠲᠤᠲᠤᠮ ᠵᠠᠩᠭᠢᠯᠠᠭ᠎ᠠ ᠶᠢᠨ ᠴᠢᠨᠠᠷᠲᠠᠶ ᠪᠣᠯᠵᠤ᠂ ᠤᠯᠠᠮ ᠢᠯᠡᠭᠦᠦ ᠬᠦᠴᠦ ᠣᠷᠣᠭᠤᠯᠬᠤ ᠮᠥᠷᠲᠡᠭᠡᠨ ᠰᠤᠯᠠᠷᠠᠵᠤ ᠪᠣᠯᠬᠤ ᠦᠭᠡᠶ᠃ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠠᠷᠠᠳ ᠲᠦᠮᠡᠨ ᠢ ᠵᠣᠬᠢᠶᠠᠨ ᠪᠠᠶᠢᠭᠤᠯᠤᠨ ᠲᠠᠶᠢᠴᠢᠯᠠᠵᠦ ᠬᠢᠵᠢᠭ ᠤᠨ ᠪᠠᠶᠢᠳᠠᠯ ᠢ ᠬᠦᠴᠦᠯᠡᠨ ᠡᠰᠡᠷᠭᠦᠴᠡᠵᠦ᠂ ᠬᠦᠴᠦ ᠪᠠᠨ ᠬᠠᠮᠲᠤᠳᠬᠠᠵᠤ ᠪᠠᠶᠢᠭᠠᠳ ᠡᠨᠡ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠨᠦᠭᠡᠯᠲᠡ ᠶᠢᠨ ᠲᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠪᠡ᠃    
 
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号