ᠳ᠋ᠠ ᠲᠠᠩ ᠡᠮ ᠤᠨ ᠦᠢᠯᠡᠰ ᠪᠡᠭᠡᠵᠢᠩ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠵᠠᠬ᠎ᠠ ᠳᠡᠯᠭᠡᠭᠦᠷ ᠲᠤ ᠭᠠᠷᠪᠠ ᠪᠣᠣ ᠭᠠᠩ ᠬᠤᠸᠠᠩ ᡁᠢ ᠴᠢᠶᠠᠩ ᠬᠠᠷᠠᠩᠭ᠎ᠠ ᠴᠣᠬᠢᠵᠤ ᠬᠤᠳᠠᠯᠳᠤᠭ᠎ᠠ ᠡᠬᠢᠯᠡᠭᠦᠯᠪᠡ
ᠨᠡᠶᠢᠲᠡᠯᠡᠭᠰᠡᠨ ᠴᠠᠭ᠄
2021/11/16
           11 ᠳ᠋ᠦ᠋ᠭᠡᠷ ᠰᠠᠷ᠎ᠠ ᠶᠢᠨ 15 ᠤ ᠡᠳᠦᠷ᠂ ᠳ᠋ᠠ ᠲᠠᠩ ᠡᠮ ᠤᠨ ᠦᠢᠯᠡᠰ ᠤᠨ ᠪᠡᠭᠡᠵᠢᠩ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠵᠠᠬ᠎ᠠ ᠳᠡᠯᠭᠡᠭᠦᠷ ᠲᠤ ᠭᠠᠷᠬᠤ ᠶᠣᠰᠣᠯᠠᠯ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠳ᠋ᠠ ᠲᠠᠩ ᠤᠨ ᠡᠮ ᠤᠨ ᠦᠢᠯᠡᠰ ᠲᠤ ᠬᠠᠷᠠᠩᠭ᠎ᠠ ᠴᠣᠬᠢᠵᠤ ᠬᠤᠳᠠᠯᠳᠤᠭ᠎ᠠ ᠡᠬᠢᠯᠡᠭᠦᠯᠵᠦ᠂ ᠬᠤᠸᠠᠩ ᡁᠢ ᠴᠢᠶᠠᠩ ᠪᠠᠶᠠᠷ ᠤᠨ ᠦᠭᠡ ᠬᠡᠯᠡᠵᠡᠶ᠃        ᠬᠤᠸᠠᠩ ᡁᠢ ᠴᠢᠶᠠᠩ ᠵᠢᠭᠠᠵᠤ ᠭᠠᠷᠭᠠᠭᠰᠠᠨ ᠨᠢ᠂ 11 ᠳ᠋ᠦ᠋ᠭᠡᠷ ᠰᠠᠷ᠎ᠠ ᠶᠢᠨ 15 ᠤ ᠡᠳᠦᠷ ᠪᠣᠯ ᠳᠤᠮᠳᠠᠳᠤ ᠤᠯᠤᠰ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢᠨ ᠴᠢᠬᠤᠯᠠ ᠴᠠᠭ ᠮᠥᠴᠡ ᠮᠥᠨ᠂ ᠪᠡᠭᠡᠵᠢᠩ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠵᠢᠩᠬᠢᠨᠢ ᠪᠠᠷ ᠠᠵᠢᠯ ᠡᠬᠢᠯᠡᠭᠰᠡᠨ ᠲᠡᠤᠬᠡᠲᠦ ᠴᠠᠭ ᠮᠥᠴᠡ ᠮᠥᠨ᠂ ᠪᠠᠰᠠ ᠴᠤ ᠥᠪᠥᠷ ᠮᠣᠩᠭᠤᠯ ᠤᠨ ᠳ᠋ᠠ ᠲᠠᠩ ᠡᠮ ᠤᠨ ᠦᠢᠯᠡᠰ ᠤᠨ ᠬᠤᠪᠢ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠪᠡᠭᠡᠵᠢᠩ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠵᠠᠬ᠎ᠠ ᠳᠡᠯᠭᠡᠭᠦᠷ ᠲᠤ ᠭᠠᠷᠤᠭᠰᠠᠨ ᠴᠢᠬᠤᠯᠠ ᠴᠠᠭ ᠮᠥᠴᠡ ᠮᠥᠨ᠂ ᠲᠣᠰ ᠤᠳᠠᠭᠠᠨ ᠤ ᠵᠠᠬ᠎ᠠ ᠳᠡᠯᠭᠡᠭᠦᠷ ᠲᠤ ᠭᠠᠷᠬᠤ ᠪᠠᠷ ᠲᠣᠬᠢᠶᠠᠯ ᠪᠣᠯᠭᠠᠵᠤ᠂ ᠰᠢᠨ᠎ᠡ ᠭᠠᠷᠤᠭ᠎ᠠ ᠳᠤ ᠰᠠᠭᠤᠷᠢᠯᠠᠨ᠂ ᠰᠢᠨ᠎ᠡ ᠠᠵᠠ ᠲᠣᠬᠢᠶᠠᠯ ᠢ ᠵᠠᠪᠳᠤᠨ ᠠᠳᠬᠤᠵᠤ᠂ ᠭᠤᠤᠯᠯᠠᠬᠤ ᠥᠷᠢᠰᠦᠯᠳᠦᠬᠦ ᠬᠦᠴᠦᠨ ᠢᠶᠠᠨ ᠲᠠᠰᠤᠷᠠᠯᠲᠠ ᠥᠬᠡᠶ ᠴᠢᠩᠭᠠᠷᠠᠭᠤᠯᠬᠤ ᠬᠡᠷᠡᠭᠲᠡᠶ᠃ ᠣᠷᠣᠨ ᠤ ᠳᠣᠲᠣᠷᠠᠬᠢ ᠠᠵᠤ ᠠᠬᠤᠶᠢᠯᠠᠯ ᠢᠯᠠᠩᠭᠤᠶ᠎ᠠ ︽ᠲᠤᠰᠬᠠᠶ ᠨᠠᠷᠢᠯᠢᠭ ᠣᠨᠴᠠ ᠰᠢᠨ᠎ᠡ︾ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠳ ᠥᠭᠡᠷᠡᠴᠢᠯᠡᠯᠲᠡ ᠶᠢᠨ ᠲᠣᠬᠢᠶᠠᠯ ᠢ ᠰᠠᠨᠠᠭᠠᠴᠢᠯᠠᠭ᠎ᠠ ᠠᠴᠠ ᠪᠠᠨ ᠵᠠᠪᠳᠤᠨ ᠠᠳᠬᠤᠵᠤ᠂ ᠠᠵᠢᠯ ᠲᠥᠷᠥᠯ ᠤᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠲᠠᠢ ᠮᠥᠷᠥ ᠵᠡᠷᠭᠡᠴᠡᠵᠦ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠬᠠᠷᠠᠯᠲᠠ ᠳᠤ ᠰᠠᠭᠤᠷᠢᠯᠠᠨ᠂ ᠲᠣᠰ ᠪᠡᠶ᠎ᠡ ᠶᠢᠨ ᠪᠠᠶᠢᠭᠤᠯᠤᠯᠲᠠ ᠪᠠᠨ ᠵᠢᠷᠤᠮᠵᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠲᠡᠶᠢᠰᠢ ᠤᠷᠤᠭᠰᠢᠯᠠᠬᠤ ᠠᠯᠬᠤᠴᠠ ᠪᠠᠨ ᠲᠦᠷᠭᠡᠳᠬᠡᠬᠦ ᠬᠡᠷᠡᠭᠲᠡᠶ ᠭᠡᠵᠡᠢ᠃        ᠤᠢᠢᠷ᠎ᠠ ᠶᠢᠨ ᠵᠢᠯ ᠠᠴᠠ᠂ ᠳ᠋ᠠ ᠲᠠᠩ ᠡᠮ ᠤᠨ ᠦᠢᠯᠡᠰ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠦᠢᠯᠡᠳᠪᠦᠷᠢᠯᠡᠯ ᠪᠣᠷᠣᠯᠠᠭᠤᠯᠭ᠎ᠠ ᠰᠤᠳᠤᠯᠭᠠᠨ ᠤ ᠰᠠᠭᠤᠷᠢᠨ ᠢ ᠥᠷᠭᠡᠳᠬᠡᠨ ᠪᠠᠶᠢᠭᠤᠯᠵᠤ᠂ ᠰᠢᠨ᠎ᠡ ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠥᠷᠭᠡᠳᠬᠡᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠢ᠃ ᠣᠳᠣᠬᠠᠨ ᠳᠤ᠂ ᠳ᠋ᠠ ᠲᠠᠩ ᠡᠮ ᠤᠨ ᠦᠢᠯᠡᠰ ᠨᠢ ᠨᠢᠭᠡᠨᠲᠡ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠪᠥᠬᠦ ᠤᠯᠤᠰ ᠤᠨ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠴᠡᠭ ᠲᠣᠭᠲᠠᠭᠠᠨ ᠦᠢᠯᠡᠳᠪᠦᠷᠢᠯᠡᠬᠦ ᠠᠵᠤ ᠠᠬᠤᠶᠢᠯᠠᠯ ᠪᠣᠯᠵᠣ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠬᠥᠬᠡᠬᠤᠲᠠ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠲᠠᠢ ᠪᠣᠯᠵᠣ᠂ ᠬᠥᠷᠥᠩᠭᠡ ᠶᠢᠨ ᠵᠠᠬ᠎ᠠ ᠳᠡᠯᠭᠡᠭᠦᠷ ᠤᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃        ᠶᠣᠰᠣᠯᠠᠯ ᠳᠡᠭᠡᠷ᠎ᠡ᠂ ᠬᠥᠬᠡᠬᠤᠲᠠ ᠶᠢᠨ ᠵᠠᠰᠠᠭ ᠤᠨ ᠣᠷᠳᠣᠨ ᠳ᠋ᠠ ᠲᠠᠩ ᠤᠨ ᠡᠮ ᠤᠨ ᠦᠢᠯᠡᠰ ᠲᠤ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠶᠢᠨ ᠪᠡᠯᠡ ᠮᠥᠩᠭᠦ ᠣᠯᠭᠤᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号