ᠥᠪᠥᠷ ᠮᠣᠩᠭᠤᠯ ᠬᠠᠷᠠᠮᠥ᠋ᠷᠡᠨ ᠭᠢᠷᠢᠨ ᠯᠢᠶᠣᠤᠨᠢᠩ ᠳᠥᠷᠪᠡᠨ ᠮᠤᠵᠢ ᠣᠷᠣᠨ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠤᠯᠪᠣᠭᠠᠯᠠᠨ ᠬᠥᠳᠡᠯᠦᠯᠴᠡᠬᠦ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2021/11/16
       ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠬᠠᠷᠠᠮᠥ᠋ᠷᠡᠨ᠂ ᠭᠢᠷᠢᠨ᠂ ᠯᠢᠶᠣᠤᠨᠢᠩ ᠭᠤᠷᠪᠠᠨ ᠮᠤᠵᠢ ᠶᠢᠨ ᠠᠮᠢ ᠠᠬᠤᠶ ᠣᠷᠴᠢᠨ ᠲᠣᠭᠤᠷᠢᠨ ᠤ ᠲᠢᠩᠬᠢᠮ ᠲᠠᠢ ᠬᠠᠮᠲᠤᠷᠠᠨ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠤᠯᠪᠣᠭᠠᠯᠠᠨ ᠬᠥᠳᠡᠯᠦᠯᠴᠡᠬᠦ ᠵᠥᠪᠯᠡᠯᠴᠡᠭᠡᠷ ᠲᠣᠭᠲᠠᠭᠠᠳ᠂ ᠳᠥᠷᠪᠡᠨ ᠮᠤᠵᠢ ᠣᠷᠣᠨ ︽ᠬᠤᠯᠪᠣᠭᠠᠯᠠᠨ ᠪᠠᠶᠢᠵᠤ ᠪᠣᠬᠢᠷᠲᠤᠯ ᠢ ᠵᠠᠰᠠᠬᠤ᠂ ᠪᠦᠯᠬᠦᠮᠳᠡᠨ ᠪᠠᠶᠢᠵᠤ ᠪᠣᠬᠢᠷᠲᠤᠯ ᠢ ᠵᠠᠰᠠᠬᠤ︾ ᠵᠠᠷᠴᠢᠮ ᠶᠣᠰᠣᠭᠠᠷ᠂ ᠬᠤᠯᠪᠣᠭᠠᠯᠠᠨ ᠰᠡᠷᠭᠡᠶᠢᠯᠡᠵᠦ ᠬᠠᠮᠲᠤ ᠪᠠᠷ ᠵᠠᠰᠠᠬᠤ᠂ ᠬᠤᠯᠪᠣᠭᠠᠯᠠᠨ ᠬᠠᠤᠯᠢ ᠬᠡᠷᠡᠭᠵᠢᠭᠦᠯᠬᠦ ᠵᠡᠷᠭᠡ ᠠᠵᠢᠯ ᠢ ᠥᠷᠨᠢᠭᠦᠯᠬᠦ ᠪᠠᠷ ᠪᠣᠯᠪᠠ᠃ ᠲᠤᠰ ᠤᠳᠠᠭᠠᠨ ᠤ ᠵᠥᠪᠯᠡᠯᠴᠡᠭᠡᠷ ᠲᠣᠭᠲᠠᠭᠰᠠᠨ ᠨᠢ ᠳᠥᠷᠪᠡᠨ ᠮᠤᠵᠢ ᠣᠷᠣᠨ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠬᠦ ᠲᠤᠬᠠᠶ ᠠᠩᠬ᠎ᠠ ᠤᠳᠠᠭ᠎ᠠ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠶᠠᠪᠤᠳᠠᠯ ᠮᠥᠨ᠂ ᠵᠡᠭᠦᠨ ᠬᠤᠶᠢᠲᠤ ᠶᠢᠨ ᠳᠥᠷᠪᠡᠨ ᠮᠤᠵᠢ ᠣᠷᠣᠨ ᠬᠠᠮᠲᠤ ᠪᠠᠷ ᠵᠠᠰᠠᠭ ᠵᠠᠬᠢᠷᠭᠠᠨ ᠤ ᠬᠢᠯᠢ ᠬᠢᠵᠠᠭᠠᠷ ᠣᠷᠣᠨ ᠤ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠣᠷᠣᠨ ᠪᠦᠰᠡ ᠠᠯᠤᠰᠯᠠᠭᠰᠠᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠨᠤᠭᠤᠳ ᠲᠤ ᠬᠤᠯᠪᠤᠭᠠᠯᠠᠨ ᠴᠣᠬᠢᠯᠲᠠ ᠥᠭᠬᠦ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠤᠨ᠎ᠠ᠂ ᠮᠥᠨ ᠴᠤ ᠮᠠᠨ ᠤ ᠤᠯᠤᠰ ᠤᠨ ᠵᠡᠭᠦᠨ ᠬᠤᠶᠢᠲᠤ ᠣᠷᠣᠨ ᠤ ᠵᠠᠰᠠᠭ ᠵᠠᠬᠢᠷᠭᠠᠨ ᠤ ᠬᠢᠯᠢ ᠬᠢᠵᠠᠭᠠᠷ ᠣᠷᠣᠨ ᠤ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠬᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃        ᠬᠤᠯᠪᠣᠭᠠᠯᠠᠨ ᠰᠡᠷᠭᠡᠶᠢᠯᠡᠵᠦ ᠬᠠᠮᠲᠤ ᠪᠠᠷ ᠵᠠᠰᠠᠬᠤ ᠲᠠᠯ᠎ᠠ ᠪᠠᠷ᠂ ᠪᠦᠯᠬᠦᠮᠳᠡᠨ ᠬᠠᠮᠵᠢᠯᠴᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠨᠤᠭᠤᠳ ᠲᠤ ᠬᠠᠮᠲᠤ ᠪᠠᠷ ᠴᠣᠬᠢᠯᠲᠠ ᠥᠭᠴᠦ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠬᠦᠴᠦ ᠪᠠᠨ ᠬᠠᠮᠲᠤᠳᠬᠠᠨ ᠠᠭᠢᠭᠤᠯᠵᠤ᠂ ᠣᠯᠠᠨ ᠲᠦᠮᠡᠨ ᠤ ᠣᠷᠴᠢᠨ ᠲᠣᠭᠤᠷᠢᠨ ᠤ ᠡᠷᠬᠡ ᠠᠰᠢᠭ ᠢ ᠬᠠᠮᠲᠤ ᠪᠠᠷ ᠬᠠᠮᠠᠭᠠᠯᠠᠨ᠂ ᠮᠠᠨ ᠤ ᠤᠯᠤᠰ ᠤᠨ ᠵᠡᠭᠦᠨ ᠬᠤᠶᠢᠲᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠤᠨ᠎ᠠ᠃ ᠬᠠᠷᠢᠶ᠎ᠠ ᠣᠷᠣᠨ ᠤ ᠬᠠᠮᠢᠶᠠᠷᠤᠯᠲᠠ ᠶᠢᠨ ᠲᠠᠯ᠎ᠠ ᠪᠠᠷ᠂ ᠳᠥᠷᠪᠡᠨ ᠮᠤᠵᠢ ᠣᠷᠣᠨ ᠡᠯ᠎ᠡ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠷᠴᠢᠨ ᠲᠣᠭᠤᠷᠢᠨ ᠤ ᠪᠣᠬᠢᠷᠲᠤᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠬᠥᠷᠰᠢ ᠵᠡᠷᠭᠡᠯᠡᠳᠡᠭᠡ ᠭᠠᠵᠠᠷ ᠣᠷᠣᠨ ᠨᠤᠭᠤᠳ ᠢ ᠪᠣᠬᠢᠷᠳᠤᠭᠤᠯᠬᠤ ᠨᠥᠯᠥᠭᠡ ᠪᠠᠨ ᠬᠢᠵᠠᠭᠠᠷᠯᠠᠨ ᠪᠠᠭᠠᠰᠬᠠᠵᠤ᠂ ᠠᠵᠢᠯ ᠤᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ᠎ᠡ᠃ ᠬᠠᠮᠲᠤᠷᠠᠨ ᠬᠠᠤᠯᠢ ᠬᠡᠷᠡᠭᠵᠢᠭᠦᠯᠬᠦ ᠲᠠᠯ᠎ᠠ ᠪᠠᠷ᠂ ᠬᠠᠤᠯᠢ ᠬᠡᠷᠡᠭᠵᠢᠭᠦᠯᠬᠦ ᠬᠠᠮᠲᠤᠷᠠᠭᠰᠠᠨ ᠬᠤᠷᠠᠯ ᠤᠨ ᠲᠦᠷᠢᠮ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠣᠭᠲᠠᠴᠠ᠂ ᠬᠡᠷᠡᠭ ᠢ ᠲᠤᠰᠢᠶᠠᠨ ᠰᠢᠶ᠋ᠳᠪᠦᠷᠢᠯᠡᠭᠦᠯᠬᠦ ᠲᠣᠭᠲᠠᠴᠠ᠂ ᠠᠰᠠᠭᠤᠳᠠᠯ ᠢ ᠮᠡᠳᠡᠭᠳᠡᠬᠦ ᠲᠣᠭᠲᠠᠴᠠ᠂ ᠠᠭᠤᠯᠵᠠᠷ ᠬᠤᠲᠠ ᠶᠢᠨ ᠲᠤᠰᠬᠠᠶ ᠣᠷᠣᠨ ᠵᠧᠦ ᠶᠢᠨ ᠬᠥᠳᠡᠯᠦᠩᠭᠦᠶ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠵᠦ᠂ ᠬᠤᠯᠪᠣᠭᠳᠠᠯ ᠪᠦᠬᠦᠢ ᠵᠠᠬ᠎ᠠ ᠵᠠᠭᠠᠭ ᠤᠨ ᠣᠷᠣᠨ ᠤ ᠣᠷᠴᠢᠨ ᠠᠬᠤᠢ ᠶᠢᠨ ᠪᠣᠬᠢᠷᠲᠤᠯ ᠤᠨ ᠠᠰᠠᠭᠤᠳᠠᠯ᠂ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠬᠡᠷᠡᠭ᠂ ᠮᠤᠵᠢ ᠣᠷᠣᠨ ᠠᠯᠤᠰᠯᠠᠭᠰᠠᠨ ᠭᠤᠣᠯ ᠮᠥᠷᠡᠨ ᠤ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ᠂ ᠬᠠᠷᠢᠶ᠎ᠠ ᠭᠠᠵᠠᠷ ᠨᠢ ᠲᠣᠳᠣᠷᠬᠠᠶ ᠦᠭᠡᠢ ᠬᠢᠯᠢ ᠬᠢᠵᠠᠭᠠᠷ ᠣᠷᠤᠨ ᠳᠠᠬᠢ ᠲᠠᠷᠠᠬᠠᠶ ᠰᠠᠮᠠᠭᠤᠨ ᠪᠣᠬᠢᠷᠳᠤᠯᠲᠤ ᠠᠵᠤ ᠠᠬᠤᠶᠢᠯᠠᠯ᠂ ᠠᠶᠤᠯᠲᠤ ᠬᠠᠶᠠᠭᠳᠠᠮᠠᠯ ᠪᠣᠳᠠᠰ ᠢ ᠪᠣᠰᠤᠳ ᠭᠠᠵᠠᠷ ᠲᠤ ᠴᠢᠳᠬᠤᠭᠰᠠᠨ ᠬᠡᠷᠡᠭ ᠵᠡᠷᠭᠡ ᠳᠤ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠨ ᠬᠠᠤᠯᠢ ᠬᠡᠷᠡᠭᠵᠢᠭᠦᠯᠬᠦ ᠶᠢ ᠦᠨᠡᠨ ᠬᠦ ᠴᠢᠩᠭᠠᠳᠬᠠᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠭᠠᠳᠠᠭᠰᠢᠯᠠᠭᠤᠯᠤᠯᠲᠠ ᠶᠢ ᠪᠠᠷᠢᠮᠵᠢᠶ᠎ᠠ ᠳᠤ ᠬᠦᠷᠦᠭᠦᠯᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠥᠭᠭᠦᠨ᠎ᠡ᠃ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠯ ᠵᠣᠬᠢᠶᠠᠨ ᠪᠠᠶᠢᠭᠤᠯᠵᠤ᠂ ᠵᠠᠰᠠᠭ ᠵᠠᠬᠢᠷᠭᠠᠨ ᠤ ᠵᠠᠭᠠᠭ ᠤᠨ ᠭᠠᠵᠠᠷ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠪᠠ ᠣᠷᠴᠢᠨ ᠲᠣᠭᠤᠷᠢᠨ ᠤ ᠪᠣᠬᠢᠷᠲᠤᠯ ᠢ ᠴᠡᠭᠴᠡᠯᠡᠨ ᠵᠠᠰᠠᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠨᠠᠷᠢᠨ ᠬᠢᠨᠠᠮᠠᠭᠠᠶ ᠳ᠋ᠦᠩᠨᠡᠨ ᠰᠣᠯᠢᠯᠴᠠᠵᠤ᠂ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠴᠢᠳᠠᠪᠤᠷᠢ ᠪᠠ ᠲᠦᠪᠰᠢᠨ ᠢ ᠬᠠᠮᠲᠤ ᠪᠠᠷ ᠳᠡᠭᠡᠭᠰᠢᠯᠡᠭᠦᠯᠦᠨ᠎ᠡ᠃        ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠬᠠᠷᠠᠮᠥ᠋ᠷᠡᠨ᠂ ᠭᠢᠷᠢᠨ᠂ ᠯᠢᠶᠣᠤᠨᠢᠩ ᠭᠤᠷᠪᠠᠨ ᠮᠤᠵᠢ ᠶᠢᠨ ᠠᠮᠢ ᠠᠬᠤᠶ ᠣᠷᠴᠢᠨ ᠲᠣᠭᠤᠷᠢᠨ ᠤ ᠲᠢᠩᠬᠢᠮ ᠲᠠᠢ ᠬᠠᠮᠲᠤᠷᠠᠨ ᠮᠤᠵᠢ ᠶᠢᠨ ᠬᠤᠭᠤᠷᠣᠨᠳᠣᠬᠢ ᠠᠭᠤᠯᠵᠠᠷ ᠭᠠᠵᠠᠷ᠂ ᠭᠤᠤᠯᠳᠠᠯᠭ᠎ᠠ ᠲᠠᠢ ᠰᠠᠪᠠ ᠭᠠᠵᠠᠷ ᠤᠨ ᠳᠡᠭᠡᠳᠦ ᠤᠷᠤᠰᠬᠠᠯ᠂ ᠬᠥᠳᠡᠭᠡ ᠲᠣᠰᠬᠤᠨ ᠵᠢᠴᠢ ᠪᠤᠶᠢᠳᠠ ᠪᠥᠭᠯᠡᠭᠦᠦ ᠭᠠᠵᠠᠷ ᠣᠷᠣᠨ ᠵᠡᠷᠭᠡ ᠬᠢᠨᠠᠨ ᠬᠠᠮᠢᠶᠠᠷᠤᠯᠲᠠ ᠶᠢᠨ ᠬᠦᠴᠦᠨ ᠪᠠᠭᠤᠷᠠᠶ ᠪᠠᠶᠢᠭ᠎ᠠ ᠣᠷᠣᠨ ᠪᠦᠰᠡ ᠨᠦᠭᠦᠳ ᠲᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠰᠠᠭ ᠵᠠᠬᠢᠷᠭᠠᠨ ᠤ ᠵᠠᠭᠠᠭ ᠬᠢᠵᠠᠭᠠᠷ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠬᠠᠮᠵᠢᠯᠴᠠᠨ ᠬᠠᠤᠯᠢ ᠬᠡᠷᠡᠭᠵᠢᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠣᠷᠣᠨ ᠪᠦᠰᠡ ᠠᠯᠤᠰᠯᠠᠭᠰᠠᠨ ᠠᠮᠢ ᠠᠬᠤᠶ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠥᠭᠴᠦ᠂ ᠬᠠᠮᠲᠤ ᠪᠠᠷ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠬᠦ ᠪᠠᠷ ᠪᠤᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号