ᠸᠠᠨ ᠴᠤᠤ ᠴᠢ ᠤᠯᠠᠭᠠᠨᠬᠠᠳᠠ ᠶᠢᠨ ᠡᠳᠦᠷ ᠤᠨ ᠰᠣᠨᠢᠨ ᠤ ᠬᠤᠷᠢᠶ᠎ᠠ ᠪᠣᠯᠤᠨ ᠤᠯᠠᠭᠠᠨᠬᠠᠳᠠ ᠶᠢᠨ ᠷᠠᠳᠢᠣ᠋ ᠲᠧᠯᠸᠢᠰ ᠬᠤᠷᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠦᠨ ᠬᠤᠲᠠ ᠶᠢᠨ ᠬᠠᠷᠢᠶ᠎ᠠ ᠰᠣᠨᠢᠨ ᠮᠡᠳᠡᠭᠡᠨ ᠤ ᠨᠢᠭᠡᠴᠢ ᠶᠢᠨ ᠵᠥᠪ ᠤᠳᠤᠷᠢᠳᠤᠮᠵᠢ ᠶᠢ ᠪᠠᠷᠢᠮᠲᠠᠯᠠᠵᠤ ᠥᠭᠡᠷᠡᠴᠢᠯᠡᠯᠲᠡ ᠶᠢᠨ ᠠᠯᠬᠤᠭ᠎ᠠ ᠪᠠᠨ ᠲᠦᠷᠭᠡᠳᠬᠡᠨ ᠵᠠᠭᠤᠴᠢᠯᠠᠭᠤᠷ ᠤᠨ ᠠᠭᠤᠰᠤᠯᠴᠠᠯ ᠢ ᠠᠬᠢᠭᠤᠯᠵᠤ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠬᠦ ᠶᠢ ᠬᠦᠰᠡᠵᠡᠢ
ᠨᠡᠶᠢᠲᠡᠯᠡᠭᠰᠡᠨ ᠴᠠᠭ᠄
2021/11/16
           11 ᠰᠠᠷ᠎ᠠ ᠶᠢᠨ 8 ᠤ ᠡᠳᠦᠷ ᠪᠣᠯ 22 ᠲᠠᠬᠢ ᠰᠤᠷᠪᠤᠯᠵᠢᠯᠠᠭᠴᠢ ᠶᠢᠨ ᠪᠠᠶᠠᠷ ᠪᠣᠯᠤᠨ᠎ᠠ᠃ ᠥᠷᠯᠥᠭᠡ ᠡᠷᠲᠡ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠤᠷᠢᠳ ᠬᠤᠵᠢᠳ ᠤᠯᠠᠭᠠᠨᠬᠠᠳᠠ ᠶᠢᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠤᠯᠠᠭᠠᠨᠬᠠᠳᠠ ᠳᠤ ᠰᠠᠭᠤᠭ᠎ᠠ ᠰᠤᠷᠪᠤᠯᠵᠢᠯᠠᠭᠴᠢ ᠶᠢᠨ ᠥᠷᠲᠡᠭᠡ᠂ ᠤᠯᠠᠭᠠᠨᠬᠠᠳᠠ ᠶᠢᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠤᠯᠠᠭᠠᠨᠬᠠᠳᠠ ᠳᠤ ᠰᠠᠭᠤᠭ᠎ᠠ ᠰᠤᠷᠪᠤᠯᠵᠢᠯᠠᠭᠴᠢ ᠶᠢᠨ ᠥᠷᠲᠡᠭᠡᠨ ᠳᠤ ᠬᠦᠷᠴᠦ᠂ ᠶᠠᠷᠢᠶ᠎ᠠ ᠬᠡᠯᠡᠯᠴᠡᠭᠡ ᠰᠤᠷᠳᠠᠯ ᠤᠬᠠᠭᠤᠯᠭ᠎ᠠ ᠶᠢᠨ ᠠᠵᠢᠯ ᠢ ᠪᠠᠶᠢᠴᠠᠭᠠᠨ ᠰᠤᠳᠤᠯᠵᠤ᠂ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠬᠤᠲᠠ ᠶᠢᠨ ᠬᠠᠷᠢᠶ᠎ᠠ ᠰᠣᠨᠢᠨ ᠮᠡᠳᠡᠭᠡᠨ ᠤ ᠨᠢᠭᠡᠴᠢ ᠶᠢᠨ ᠶᠡᠷᠦᠩᠬᠡᠶ ᠱᠦᠵᠢ ᠰᠢ ᠶᠢᠨ ᠫᠢᠩ ᠤᠨ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠵᠥᠪ ᠤᠳᠤᠷᠢᠳᠤᠮᠵᠢ ᠶᠢ ᠪᠠᠷᠢᠮᠲᠠᠯᠠᠨ᠂ ᠥᠭᠡᠷᠡᠴᠢᠯᠡᠯᠲᠡ ᠶᠢᠨ ᠠᠯᠬᠤᠭ᠎ᠠ ᠪᠠᠨ ᠲᠦᠷᠭᠡᠳᠬᠡᠵᠦ᠂ ᠵᠠᠭᠤᠴᠢᠯᠠᠭᠤᠷ ᠤᠨ ᠠᠭᠤᠰᠤᠯᠴᠠᠯ ᠢ ᠠᠬᠢᠭᠤᠯᠤᠨ᠂ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠬᠦ ᠶᠢ ᠬᠦᠰᠡᠪᠡ᠃        ᠸᠠᠨ ᠴᠤᠤ ᠴᠢ ᠤᠯᠠᠭᠠᠨ ᠬᠠᠳᠠ ᠶᠢᠨ ᠰᠣᠨᠢᠨ ᠤ ᠦᠢᠯᠡᠰ ᠤᠨ ᠪᠦᠯᠦᠭᠯᠡᠯ ᠤᠨ ᠬᠤᠩᠱᠠᠨ ᠣᠷᠣᠶ ᠶᠢᠨ ᠰᠣᠨᠢᠨ ᠤ ᠰᠢᠭᠤᠳ ᠨᠡᠪᠲᠡᠷᠡᠭᠦᠯᠬᠦ ᠲᠠᠰᠤᠭ᠂ ᠤᠯᠠᠭᠠᠨᠬᠠᠳᠠ ᠶᠢᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠵᠤ ᠨᠠᠶᠢᠷᠠᠭᠤᠯᠬᠤ ᠲᠥᠪ ᠵᠢᠴᠢ ᠰᠢᠨ᠎ᠡ ᠵᠠᠭᠤᠴᠢᠯᠠᠭᠤᠷ ᠤᠨ ᠴᠤᠤ ᠲᠦ᠋ ᠲᠦ᠋ ᠠᠵᠢᠯᠯᠠᠬᠤ ᠲᠠᠰᠤᠭ᠂ ᠤᠯᠠᠭᠠᠨᠬᠠᠳᠠ ᠶᠢᠨ ᠷᠠᠳᠢᠣ᠋ ᠲᠧᠯᠸᠢᠰ ᠬᠤᠷᠢᠶᠠᠨ ᠤ ᠰᠣᠨᠢᠨ ᠮᠡᠳᠡᠭᠡ ᠨᠡᠪᠲᠡᠷᠡᠭᠦᠯᠬᠦ ᠲᠠᠰᠤᠭ᠂ ᠨᠠᠶᠢᠷᠠᠭᠤᠯᠬᠤ ᠲᠠᠰᠤᠭ ᠂ ᠨᠡᠪᠲᠡᠷᠡᠭᠦᠯᠬᠦ ᠮᠠᠰᠢᠨ ᠤ ᠲᠠᠰᠤᠭ᠂ ᠰᠣᠨᠢᠨ ᠮᠡᠳᠡᠭᠡᠨ ᠤ ᠶᠡᠷᠦᠩᠬᠡᠶᠢᠯᠡᠭᠰᠡᠨ ᠰᠤᠪᠠᠭ ᠤᠨ ᠠᠯᠪᠠᠯᠠᠬᠤ ᠲᠣᠭᠤᠷᠢᠭ ᠪᠠ ᠡᠯ᠎ᠡ ᠷᠠᠳᠢᠣ᠋ ᠰᠤᠪᠠᠭ ᠤᠨ ᠳᠠᠮᠵᠢᠭᠤᠯᠬᠤ ᠨᠡᠪᠲᠡᠷᠡᠭᠦᠯᠭᠡ ᠶᠢᠨ ᠲᠠᠰᠤᠭ ᠲᠤ ᠬᠦᠷᠴᠦ᠂ ᠵᠠᠭᠤᠴᠢᠯᠠᠭᠤᠷ ᠤᠨ ᠰᠤᠷᠪᠤᠯᠵᠢᠯᠠᠨ ᠨᠠᠶᠢᠷᠠᠭᠤᠯᠬᠤ ᠶᠠᠪᠤᠴᠠ ᠵᠢᠴᠢ ᠨᠢᠭᠡ ᠴᠤᠭᠴᠠᠵᠢᠭᠤᠯᠤᠭᠰᠠᠨ ᠠᠵᠢᠯᠯᠠᠭᠠᠨ᠂ ᠡᠯᠧᠺᠲᠷᠤᠨ ᠰᠣᠨᠢᠨ ᠤᠩᠰᠢᠬᠤ ᠰᠠᠮᠪᠠᠷ᠎ᠠ ᠶᠢᠨ ᠲᠣᠬᠢᠷᠠᠭᠤᠯᠤᠯᠲᠠ᠂ ᠰᠣᠶᠣᠯ ᠵᠠᠭᠤᠴᠢᠯᠠᠭᠤᠷ ᠤᠨ ᠠᠵᠤ ᠦᠢᠯᠡᠰ ᠤᠨ ᠬᠥᠭᠵᠢᠯᠲᠡ ᠪᠠ ᠰᠢᠨ᠎ᠡ ᠵᠠᠭᠤᠴᠢᠯᠠᠭᠤᠷ ᠤᠨ ᠪᠦᠲᠦᠭᠡᠭᠳᠡᠬᠦᠨ ᠦᠢᠯᠡᠳᠴᠦ ᠪᠦᠳᠦᠭᠡᠵᠦ ᠪᠠᠶᠢᠭ᠎ᠠ ᠪᠠᠶᠢᠳᠠᠯ ᠢ ᠣᠶᠢᠯᠠᠭᠠᠪᠠ᠃ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠪᠠ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠤᠯᠠᠭᠠᠨᠬᠠᠳᠠ ᠳᠤ ᠰᠠᠭᠤᠭ᠎ᠠ ᠰᠤᠷᠪᠤᠯᠵᠢᠯᠠᠭᠴᠢ ᠶᠢᠨ ᠥᠷᠲᠡᠭᠡᠨ ᠳᠤ᠂ ᠸᠠᠨ ᠴᠤᠤ ᠴᠢ ᠰᠤᠷᠪᠤᠯᠵᠢᠯᠠᠭᠴᠢ ᠶᠢᠨ ᠥᠷᠲᠡᠭᠡ ᠶᠢᠨ ᠬᠠᠷᠢᠭᠤᠴᠠᠯᠭᠠᠲᠠᠨ ᠤ ᠤᠯᠠᠭᠠᠨᠬᠠᠳᠠ ᠶᠢᠨ ᠠᠵᠢᠯ ᠢ ᠤᠬᠠᠭᠤᠯᠤᠨ ᠮᠡᠳᠡᠭᠡᠯᠡᠭᠰᠡᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠳᠠᠬᠢ ᠤᠯᠠᠭᠠᠨᠬᠠᠳᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠤᠰᠬᠠᠭᠰᠠᠨ ᠰᠣᠨᠢᠨ ᠮᠡᠳᠡᠭᠡᠨ ᠤ ᠪᠦᠲᠦᠭᠡᠯ ᠢ ᠭᠦᠶᠦᠯᠭᠡᠨ ᠦᠵᠡᠪᠡ᠃        ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠸᠠᠨ ᠴᠤᠤ ᠴᠢ ᠰᠣᠨᠢᠨ ᠮᠡᠳᠡᠭᠡᠨ ᠤ ᠲᠦᠷᠪᠡᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ᠂ ᠪᠠᠭ ᠤᠨ ᠪᠦᠷᠢᠯᠳᠦᠬᠦᠨ ᠵᠢᠴᠢ ᠰᠤᠷᠪᠤᠯᠵᠢᠯᠠᠭᠴᠢ ᠨᠠᠶᠢᠷᠠᠭᠤᠯᠤᠭᠴᠢ ᠬᠥᠲᠥᠯᠥᠭᠴᠢ ᠶᠢᠨ ᠲᠥᠯᠥᠭᠡᠯᠡᠭᠴᠢᠳ ᠲᠠᠢ ᠶᠠᠷᠢᠯᠴᠠᠵᠤ᠂ ᠰᠣᠨᠢᠨ ᠮᠡᠳᠡᠭᠡᠨ ᠤ ᠨᠢᠭᠡᠴᠢ ᠶᠢᠨ ᠪᠦᠬᠦᠯᠢ ᠴᠣᠭᠴᠠ ᠶᠢᠨ ᠪᠠᠶᠢᠳᠠᠯ᠂ ᠠᠵᠢᠯᠲᠠᠨ ᠤ ᠪᠦᠲᠦᠴᠡ᠂ ᠥᠭᠡᠷᠡᠴᠢᠯᠡᠯᠲᠡ ᠶᠢᠨ ᠠᠬᠢᠴᠠ᠂ ᠵᠠᠭᠤᠴᠢᠯᠠᠭᠤᠷ ᠤᠨ ᠠᠭᠤᠰᠤᠯᠴᠠᠯ᠂ ᠭᠠᠳᠠᠭᠠᠳᠤ ᠤᠬᠠᠭᠤᠯᠭ᠎ᠠ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠮᠦᠷᠲᠡᠭᠡᠨ ᠡᠮᠦᠨ᠎ᠡ ᠹᠷᠣᠨᠲ ᠲᠠᠬᠢ ᠰᠤᠷᠪᠤᠯᠵᠢᠯᠠᠭᠴᠢ ᠨᠠᠶᠢᠷᠠᠭᠤᠯᠤᠭᠴᠢ ᠲᠠᠢ ᠰᠠᠨᠠᠯ ᠪᠤᠳᠤᠯ ᠢᠶᠠᠨ ᠭᠦᠨᠵᠡᠭᠡᠶ ᠰᠣᠯᠢᠯᠴᠠᠪᠠ᠃ ᠲᠡᠷᠡ᠂ ᠤᠷᠲᠤ ᠬᠤᠭᠤᠴᠠᠭᠠᠨ ᠤ ᠲᠤᠷᠰᠢ᠂ ᠬᠤᠲᠠ ᠶᠢᠨ ᠬᠠᠷᠢᠶ᠎ᠠ ᠭᠤᠤᠯ ᠪᠣᠯᠬᠤ ᠰᠣᠨᠢᠨ ᠮᠡᠳᠡᠭᠡᠨ ᠤ ᠨᠢᠭᠡᠴᠢ ᠪᠣᠯᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠳᠤ ᠰᠠᠭᠤᠭ᠎ᠠ ᠰᠣᠨᠢᠨ ᠮᠡᠳᠡᠭᠡᠨ ᠤ ᠪᠠᠶᠢᠭᠤᠯᠤᠮᠵᠢ ᠨᠤᠭᠤᠳ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠤᠯ ᠠᠵᠢᠯ ᠪᠣᠯᠤᠨ ᠪᠥᠬᠦ ᠬᠤᠲᠠ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠶᠢᠨ ᠲᠣᠭᠤᠷᠢᠨ ᠳᠤ ᠤᠯᠠᠭᠠᠨᠬᠠᠳᠠ ᠶᠢᠨ ᠡᠯ᠎ᠡ ᠹᠷᠣᠨᠲ᠂ ᠡᠯ᠎ᠡ ᠠᠵᠢᠯ ᠲᠥᠷᠥᠯ ᠤᠨ ᠣᠯᠤᠭᠰᠠᠨ ᠠᠮᠵᠢᠯᠲᠠ ᠪᠦᠲᠦᠮᠵᠢ ᠶᠢ ᠢᠳᠡᠪᠬᠢᠲᠡᠶ ᠤᠬᠠᠭᠤᠯᠵᠤ᠂ ᠨᠢᠭᠡ ᠪᠦᠯᠦᠭ ᠰᠢᠯᠢᠳᠡᠭ ᠰᠣᠨᠢᠨ ᠮᠡᠳᠡᠭᠡᠨ ᠤ ᠠᠵᠢᠯᠲᠠᠨ ᠢ ᠬᠥᠮᠦᠵᠢᠭᠦᠯᠵᠦ᠂ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠴᠢᠬᠤᠯᠠ ᠦᠢᠯᠡᠳᠦᠯ ᠢᠶᠠᠨ ᠪᠠᠳᠠᠷᠠᠭᠤᠯᠵᠤ ᠢᠷᠡᠵᠠᠢ ᠭᠡᠵᠦ ᠵᠢᠭᠠᠨ ᠭᠠᠷᠭᠠᠪᠠ᠃ ᠲᠡᠷᠡ ᠪᠦᠬᠦ ᠬᠤᠳᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠹᠷᠣᠨᠲ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠢᠨᠬᠤᠸᠠ ᠬᠤᠷᠢᠶ᠎ᠠ ᠪᠠᠶᠢᠭᠤᠯᠤᠭᠳᠠᠭᠰᠠᠨ 90 ᠵᠢᠯ ᠤᠨ ᠤᠢ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ᠤᠯᠤᠰ ᠲᠦᠷᠦ ᠶᠢᠨ ᠵᠥᠪ ᠴᠢᠭᠯᠡᠯ ᠢ ᠪᠠᠲᠤ ᠡᠵᠡᠮᠳᠡᠵᠦ᠂ ᠨᠠᠮ ᠪᠣᠯᠤᠨ ᠠᠷᠠᠳ ᠲᠦᠮᠡᠨ ᠤ ᠳᠠᠭᠤ ᠬᠤᠭᠤᠯᠠᠢ ᠪᠣᠯᠬᠤ ᠬᠡᠷᠡᠭᠲᠡᠢ᠃ ᠵᠥᠪ ᠤᠨᠤᠪᠴᠢᠲᠠᠢ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠨᠠᠮ ᠤᠨ ᠵᠣᠷᠢᠯᠲᠠ ᠶᠢ ᠶᠡᠭᠡ ᠪᠠᠷ ᠤᠬᠠᠭᠤᠯᠤᠨ᠂ ᠤᠯᠠᠨ ᠲᠦᠮᠡᠨ ᠤ ᠰᠡᠳᠬᠢᠯ ᠤᠨ ᠲᠠᠭᠤᠨ ᠢ ᠲᠤᠰᠬᠠᠵᠤ᠂ ᠤᠯᠤᠰ ᠲᠦᠷᠦᠴᠢᠨ ᠰᠣᠨᠢᠨ ᠡᠷᠬᠢᠯᠡᠬᠦ᠂ ᠬᠤᠷᠢᠶ᠎ᠠ ᠡᠷᠬᠢᠯᠡᠬᠦ ᠶᠢ ᠵᠠᠭᠤᠴᠢᠯᠠᠭᠤᠷ ᠤᠨ ᠬᠥᠭᠵᠢᠯᠲᠡ ᠶᠢᠨ ᠪᠦᠬᠦ ᠶᠠᠪᠤᠴᠠ ᠳᠤ ᠢᠯᠡᠷᠡᠭᠦᠯᠵᠦ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠭᠤᠣᠯ ᠪᠠᠬᠢᠯᠡᠯᠳᠡ ᠶᠢ ᠦᠨᠡᠨ ᠬᠦ ᠰᠠᠶᠢᠲᠤᠷ ᠰᠠᠬᠢᠬᠤ ᠬᠡᠷᠡᠭᠲᠡᠢ᠃ ᠨᠠᠮ ᠤᠨ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ ᠤᠨ ᠦᠨᠳᠦᠰᠦᠨ ᠴᠢᠭᠯᠡᠯᠲᠡ ᠶᠢ ᠵᠢᠷᠤᠮᠯᠠᠵᠤ᠂ ᠤᠯᠠᠭᠠᠨᠬᠠᠳᠠ ᠶᠢᠨ ᠦᠯᠢᠭᠡᠷ ᠢ ᠰᠠᠶᠢᠲᠤᠷ ᠬᠦᠦᠷᠨᠢᠬᠦ ᠬᠡᠷᠡᠭᠲᠡᠢ᠃ ᠪᠦᠯᠬᠦᠮᠳᠡᠯ ᠲᠣᠭᠲᠠᠭᠤᠨ ᠢ ᠬᠠᠮᠠᠭᠠᠯᠠᠬᠤ ᠡᠷᠴᠢ ᠵᠣᠷᠢᠭ ᠢᠶᠠᠨ ᠬᠥᠪᠴᠢᠯᠡᠨ᠂ ᠵᠥᠪ ᠲᠠᠯ᠎ᠠ ᠶᠢᠨ ᠤᠬᠠᠭᠤᠯᠭ᠎ᠠ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠪᠥᠬᠦ ᠬᠤᠲᠠ ᠶᠢᠨ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠳᠠᠪᠰᠢᠯᠲᠠ᠂ ᠦᠨᠳᠦᠰᠦᠲᠡᠨ ᠤ ᠪᠦᠯᠬᠦᠮᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠪᠠᠶᠢᠷᠢ ᠲᠣᠭᠲᠠᠭᠠᠯᠲᠠ︾ ᠵᠡᠷᠭᠡ ᠴᠢᠬᠤᠯᠠ ᠭᠤᠤᠯ ᠰᠡᠳᠦᠪ ᠢ ᠨᠠᠶᠢᠳᠠᠪᠤᠷᠢᠵᠢᠭᠤᠯᠵᠤ᠂ ᠨᠠᠩ ᠣᠯᠠᠨ ᠤᠳᠬ᠎ᠠ ᠠᠭᠤᠯᠭ᠎ᠠ ᠲᠠᠢ ᠰᠡᠳᠦᠪ ᠢ ᠰᠣᠩᠭᠤᠵᠤ ᠰᠡᠳᠦᠨ ᠤᠬᠠᠭᠠᠯᠠᠨ ᠵᠣᠬᠢᠶᠠᠨ ᠪᠠᠶᠢᠭᠤᠯᠵᠤ᠂ ᠢᠳᠡᠪᠬᠢᠲᠡᠶ ᠡᠷᠡᠭᠦᠯ ᠥᠭᠡᠳᠡᠷᠬᠡᠭ ᠭᠤᠤᠯ ᠶᠠᠷᠢᠶ᠎ᠠ ᠬᠡᠯᠡᠯᠴᠡᠭᠡ ᠶᠢ ᠦᠷᠭᠦᠯᠵᠢᠯᠡᠨ ᠪᠠᠬᠢᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠨᠡᠮᠡᠭᠲᠡᠬᠦᠯᠬᠦ ᠬᠡᠷᠡᠭᠲᠡᠢ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠤᠯᠠᠨ ᠲᠦᠮᠡᠨᠴᠢᠯᠡᠬᠦ ᠪᠠ ᠵᠦᠷᠢᠶᠡᠴᠢᠯᠡᠬᠦ ᠬᠠᠨᠳᠤᠰᠢ ᠳᠤ ᠵᠣᠬᠢᠴᠠᠵᠤ᠂ ᠰᠣᠨᠢᠨ ᠮᠡᠳᠡᠭᠡᠨ ᠤ ᠣᠶᠢᠯᠠᠭᠠᠭᠳᠠᠬᠤᠨ᠂ ᠰᠡᠳᠦᠪ᠂ ᠠᠭᠤᠯᠭ᠎ᠠ᠂ ᠬᠡᠯᠪᠡᠷᠢ᠂ ᠡᠵᠡᠩᠨᠡᠯᠲᠡ ᠶᠢᠨ ᠬᠡᠯᠪᠡᠷᠢ ᠪᠣᠯᠤᠨ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠰᠢᠨᠡᠴᠢᠯᠡᠵᠦ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠦᠷᠢᠨ ᠵᠠᠭᠤᠴᠢᠯᠠᠭᠤᠷ ᠤᠨ ᠡᠩᠨᠡᠭᠡ ᠶᠢ ᠬᠦᠴᠦᠷᠬᠡᠭᠵᠢᠭᠦᠯᠵᠦ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠳᠠᠮᠵᠢᠭᠤᠯᠬᠤ ᠬᠦᠴᠦᠨ᠂ ᠬᠦᠲᠦᠯᠦᠨ ᠳᠠᠭᠠᠭᠤᠯᠬᠤ ᠬᠦᠴᠦᠨ᠂ ᠨᠥᠯᠥᠭᠡᠯᠡᠬᠦ ᠬᠦᠴᠦᠨ ᠪᠣᠯᠤᠨ ᠢᠲᠡᠭᠡᠭᠦᠯᠬᠦ ᠬᠦᠴᠦᠨ ᠢ ᠤᠯᠠᠮ ᠴᠢᠩᠭᠠᠷᠠᠭᠤᠯᠬᠤ ᠬᠡᠷᠡᠭᠲᠡᠢ᠃ ᠴᠢᠳᠠᠪᠤᠷᠢᠲᠠᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠥᠷᠭᠡᠨ ᠤᠯᠠᠨ ᠰᠣᠨᠢᠨ ᠮᠡᠳᠡᠭᠡᠨ ᠤ ᠠᠵᠢᠯᠳᠠᠳ ᠢ ᠬᠦᠮᠦᠵᠢᠬᠦᠯᠦᠨ ᠵᠢᠯᠤᠭᠤᠳᠴᠤ ᠵᠥᠪ ᠤᠯᠤᠰ ᠲᠦᠷᠦ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠰᠣᠨᠢᠨ ᠮᠡᠳᠡᠭᠡᠨ ᠤ ᠵᠣᠷᠢᠯᠲᠠ᠂ ᠠᠵᠢᠯ ᠤᠨ ᠬᠠᠨᠳᠤᠰᠢ ᠶᠢ ᠪᠠᠷᠢᠮᠲᠠᠯᠠᠵᠤ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠤᠨᠤᠯ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠨᠡᠩ ᠰᠠᠶᠢᠨ ᠠᠵᠢᠯ ᠤᠨ ᠣᠷᠴᠢᠨ ᠲᠣᠭᠤᠷᠢᠨ᠂ ᠠᠵᠢᠯ ᠤᠨ ᠨᠥᠬᠦᠴᠡᠯ ᠢ ᠡᠭᠦᠳᠴᠦ᠂ ᠨᠢᠭᠡ ᠪᠦᠯᠦᠭ ᠨᠡᠷᠡᠳᠤ ᠰᠤᠷᠪᠤᠯᠵᠢᠯᠠᠭᠴᠢ᠂ ᠨᠡᠷᠡᠳᠤ ᠨᠠᠶᠢᠷᠠᠭᠤᠯᠤᠭᠴᠢ᠂ ᠨᠡᠷᠡᠳᠤ ᠰᠢᠭᠦᠮᠵᠢᠯᠡᠭᠴᠢ᠂ ᠨᠡᠷᠡᠳᠤ ᠨᠡᠪᠲᠡᠷᠡᠭᠦᠯᠦᠭᠴᠢ ᠶᠢ ᠬᠥᠮᠦᠵᠢᠭᠦᠯᠵᠦ᠂ ᠤᠯᠤᠰ ᠲᠦᠷᠦ ᠶᠢᠨ ᠲᠠᠯ᠎ᠠ ᠪᠠᠷ ᠵᠤᠭᠰᠤᠴᠡ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ᠂ ᠣᠪᠣᠷ ᠵᠤᠭᠰᠤᠴᠡ ᠰᠤᠷᠲᠠᠯ ᠰᠢᠯᠢᠳᠡᠭ᠂ ᠨᠠᠮ ᠪᠠ ᠠᠷᠠᠳ ᠲᠦᠮᠡᠨ ᠳᠤ ᠲᠠᠭᠠᠰᠢᠶᠠᠭᠳᠠᠭᠰᠠᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠬᠡᠷᠡᠭᠲᠡᠢ᠃ ᠡᠯ᠎ᠡ ᠰᠣᠨᠢᠨ ᠮᠡᠳᠡᠭᠡᠨ ᠤ ᠨᠢᠭᠡᠴᠢ ᠶᠢᠨ ᠨᠠᠮ ᠤᠨ ᠬᠤᠷᠢᠶᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠵᠢᠭᠦᠯᠦᠨ᠂ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠢ ᠪᠦᠯᠬᠦᠮᠳᠡᠭᠦᠯᠦᠨ ᠳᠠᠭᠠᠭᠤᠯᠵᠤ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠰᠣᠨᠢᠨ ᠮᠡᠳᠡᠭᠡ ᠤᠬᠠᠭᠤᠯᠭ᠎ᠠ ᠶᠢᠨ ᠦᠢᠯᠡᠰ ᠤᠨ ᠬᠥᠭᠵᠢᠯᠲᠡ ᠳᠤ ᠣᠷᠣᠯᠴᠠᠭᠤᠯᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠠᠴᠠ ᠵᠠᠭᠤᠴᠢᠯᠠᠭᠤᠷ ᠢ ᠬᠠᠮᠢᠶᠠᠷᠬᠤ ᠵᠠᠷᠴᠢᠮ ᠢ ᠪᠠᠷᠢᠮᠲᠠᠯᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠬᠠᠯᠠᠮᠵᠢᠯᠠᠨ ᠳᠡᠮᠵᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤ ᠨᠢ ᠰᠤᠳᠤᠯᠤᠨ ᠰᠢᠢᠳᠪᠦᠷᠢᠯᠡᠵᠦ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃        ᠸᠠᠨ ᠴᠤᠤ ᠴᠢ᠂ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠢ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠮ ᠵᠠᠭᠤᠴᠢᠯᠠᠭᠤᠷ ᠤᠨ ᠮᠠᠶ᠋ᠢᠭ ᠤᠨ ᠲᠤᠰᠬᠠᠶ ᠴᠢᠳᠠᠪᠤᠷᠢᠲᠠᠨ ᠪᠣᠯᠬᠤ ᠪᠠᠷ ᠴᠢᠷᠮᠠᠶᠢᠵᠤ᠂ ᠨᠡᠶᠢᠭᠡᠮ ᠤᠨ ᠠᠮᠢᠳᠤᠷᠠᠯ ᠳᠤ ᠭᠦᠨᠵᠡᠭᠡᠶᠢᠷᠡᠵᠦ᠂ ᠣᠯᠠᠨ ᠲᠦᠮᠡᠨ ᠤ ᠰᠡᠳᠬᠢᠨ ᠪᠣᠳᠣᠵᠤ ᠪᠠᠶᠢᠭ᠎ᠠ ᠵᠦᠶ᠋ᠯ ᠪᠠ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠢᠯᠡᠭᠦᠬᠡᠨ ᠣᠢᠢᠯᠠᠭᠠᠵᠤ᠂ ᠤᠯᠠᠭᠠᠨᠬᠠᠳᠠ ᠶᠢᠨ ᠥᠷᠨᠢᠯ ᠬᠥᠭᠵᠢᠯᠲᠡ ᠪᠠ ᠠᠮᠢᠳᠤᠷᠠᠯ ᠢ ᠢᠯᠡᠭᠦᠬᠡᠨ ᠲᠤᠰᠬᠠᠵᠤ᠂ ︽ᠳᠥᠷᠪᠡᠨ ᠬᠦᠴᠦᠨ︾ ᠤ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠦᠵᠦᠭ ᠪᠢᠷ᠂ ᠲᠤᠷᠡᠨ᠂ ᠮᠢᠺᠷᠤᠹᠤᠨ ᠢᠶᠠᠷ ᠦᠵᠡᠯ ᠰᠠᠨᠠᠭ᠎ᠠ ᠬᠠᠶᠢᠷ᠎ᠠ ᠰᠡᠳᠬᠢᠯᠭᠡ ᠰᠢᠩᠭᠡᠭᠡᠭᠰᠡᠨ ᠨᠠᠩ ᠣᠯᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠨᠠᠮ ᠪᠠ ᠠᠷᠠᠳ ᠲᠦᠮᠡᠨ ᠤ ᠢᠲᠡᠭᠡᠯ ᠢ ᠣᠯᠤᠭᠰᠠᠨ ᠰᠣᠨᠢᠨ ᠮᠡᠳᠡᠭᠡᠨ ᠤ ᠠᠵᠢᠯᠲᠠᠨ ᠪᠣᠯᠤᠭᠠᠷᠠᠢ ᠭᠡᠵᠦ ᠬᠦᠰᠡᠭᠰᠡᠨ ᠪᠠᠶᠢᠨ᠎ᠠ᠃        ᠸᠠᠨ ᠴᠤᠤ ᠴᠢ ᠪᠠᠰᠠ ᠥᠪᠡᠷᠲᠡᠭᠡᠨ ᠵᠠᠰᠠᠬᠤ ᠣᠷᠣᠨ ᠤ ᠡᠯ᠎ᠡ ᠵᠠᠭᠤᠴᠢᠯᠠᠭᠤᠷ ᠤᠨ ᠣᠷᠳᠣ ᠬᠤᠭᠤᠴᠠᠭᠠᠨ ᠤ ᠲᠤᠷᠰᠢ ᠤᠯᠠᠭᠠᠨᠬᠠᠳᠠ ᠶᠢ ᠬᠠᠪᠰᠤᠷᠤᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠳᠡᠨ ᠤ ᠦᠷᠭᠦᠯᠵᠢᠯᠡᠨ ᠤᠬᠠᠭᠤᠯᠤᠨ ᠮᠡᠳᠡᠭᠡᠯᠡᠬᠦ ᠡᠷᠴᠢᠮ ᠢᠶᠠᠨ ᠴᠢᠩᠭᠠᠷᠠᠭᠤᠯᠵᠤ᠂ ᠤᠯᠠᠭᠠᠨᠬᠠᠳᠠ ᠶᠢᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠢᠨ᠎ᠡ ᠳᠦᠷᠰᠦ ᠪᠠᠶᠢᠳᠠᠯ ᠪᠣᠯᠤᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠶᠢ ᠪᠥᠬᠦ ᠲᠠᠯ᠎ᠠ ᠪᠠᠷ ᠣᠯᠠᠨ ᠬᠠᠷᠠᠭᠠᠰᠤ ᠠᠴᠠ ᠬᠠᠷᠠᠭᠤᠯᠬᠤ ᠶᠢ ᠬᠦᠰᠡᠵᠡᠢ᠃        ᠬᠤᠲᠠ ᠶᠢᠨ ᠤᠳᠤᠷᠢᠳᠤᠯᠭ᠎ᠠ ᠰᠦᠩ ᠢᠦᠶ ᠵᠢᠶᠠᠨ᠂ ᠢᠦᠶ ᠸᠧᠶ ᠳ᠋ᠦᠩ ᠪᠠᠷ᠎ᠠ ᠪᠣᠯᠵᠤ ᠪᠠᠶᠢᠴᠠᠭᠠᠨ ᠰᠤᠳᠤᠯᠵᠤ ᠲᠣᠬᠤᠨᠢᠭᠤᠯᠪᠠ᠃    
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号