| | 11 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠤᠰᠬᠠᠶ | ᠰᠡᠳᠦᠪᠲᠦ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠠᠷᠪᠠᠳᠤᠭᠠᠷ ᠰᠠᠷ᠎ᠠ ᠶᠢᠨ ᠠᠵᠤ ᠠᠬᠤᠶ ᠶᠢᠨ ᠠᠵᠢᠯᠯᠠᠭᠠᠨ | ᠂ ᠰᠡᠭᠦᠯᠴᠢ ᠶᠢᠨ ᠬᠤᠶᠠᠷ ᠰᠠᠷ᠎ᠠ ᠶᠢᠨ ᠠᠵᠢᠯ ᠤᠨ ᠲᠣᠬᠢᠷᠠᠭᠤᠯᠤᠯᠲᠠ ᠵᠢᠴᠢ 2022 ᠣᠨ ᠤ ᠭᠤᠤᠯᠳᠠᠯᠭ᠎ᠠ ᠲᠠᠢ | ᠲᠥᠷᠥᠯ ᠵᠦᠢᠯ ᠤᠨ ᠲᠥᠯᠥᠪᠵᠢᠭᠦᠯᠭᠡ ᠶᠢᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠡᠷᠴᠢ ᠵᠣᠷᠢᠭ ᠢᠶᠠᠨ | ᠪᠠᠷᠢᠮᠲᠠᠯᠠᠨ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ ᠵᠢᠯ ᠤᠨ ᠬᠥᠭᠵᠢᠯᠲᠡ ᠶᠢᠨ ᠬᠠᠷᠠᠯᠲᠠ ᠪᠠᠨ | ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠳᠦᠷᠰᠦᠲᠦ ᠨᠡᠪᠲᠡᠷᠡᠭᠦᠯᠭᠡ ᠶᠢᠨ ᠬᠡᠯᠪᠡᠷᠢ ᠪᠠᠷ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ | ᠵᠠᠰᠠᠭ ᠤᠨ ᠭᠤᠣᠯ ᠤᠳᠤᠷᠢᠳᠤᠯᠭ᠎ᠠ ᠶᠢᠨ ᠠᠷᠪᠠᠳᠤᠭᠠᠷ ᠰᠠᠷ᠎ᠠ ᠶᠢᠨ ᠠᠵᠤ ᠠᠬᠤᠢ ᠶᠢᠨ ᠠᠵᠢᠯᠯᠠᠭᠠᠨ᠂ ᠲᠦᠷᠦᠯ | ᠵᠦᠢᠯ ᠤᠨ ᠪᠦᠳᠦᠬᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠲᠠᠲᠠᠬᠤ ᠵᠡᠷᠭᠡ ᠭᠤᠣᠯᠳᠠᠯᠭ᠎ᠠ ᠲᠠᠢ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠬᠠᠢ ᠶᠢᠨ ᠲᠠᠯᠠᠪᠠᠢ ᠳᠤ ᠬᠤᠳᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ | ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ | ᠠᠵᠢᠯ ᠤᠨ ᠬᠠᠷᠢᠭᠤ ᠮᠡᠳᠡᠭᠦᠯᠦᠯᠲᠡ ᠪᠣᠯᠤᠨ ᠰᠠᠨᠠᠯ ᠰᠠᠨᠠᠭᠤᠯᠭ᠎ᠠ ᠶᠢ ᠰᠣᠨᠤᠰᠪᠠ᠃ ᠬᠤᠳᠠ ᠶᠢᠨ ᠨᠠᠮ ᠤᠨ | ᠬᠤᠷᠢᠶᠠᠨ ᠤ ᠱᠦᠵᠢ ᠸᠠᠨ ᠴᠤᠤ ᠴᠢ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ | ᠸᠠᠩ ᠸᠠᠩ ᠱᠧᠩ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠳᠡᠳ᠋ ᠳᠠᠷᠤᠭ᠎ᠠ ᠱᠧᠩ ᠰᠢᠶᠣᠣ ᠶᠢᠥ ᠪᠥᠬᠦ ᠬᠤᠲᠠ ᠶᠢᠨ ᠠᠷᠪᠠᠳᠤᠭᠠᠷ ᠰᠠᠷ᠎ᠠ ᠶᠢᠨ ᠠᠵᠤ ᠠᠬᠤᠶ ᠶᠢᠨ | ᠠᠵᠢᠯ ᠤᠨ ᠪᠠᠶᠢᠳᠠᠯ ᠢ ᠮᠡᠳᠡᠭᠳᠡᠪᠡ᠃ | ᠸᠠᠨ ᠴᠤᠤ ᠴᠢ᠂ ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠠᠴᠠ ᠨᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠪᠣᠯᠤᠨ | ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ | ᠭᠤᠶᠢᠪᠢᠰᠢ ᠦᠭᠡᠢ ᠴᠢᠩᠭ᠎ᠠ ᠠᠳᠬᠤᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠠᠵᠤ ᠠᠬᠤᠢ ᠶᠢᠨ | ᠲᠤᠬᠢᠷᠠᠭᠤᠯᠤᠯᠳᠠ᠂ ᠠᠷᠠᠯᠵᠢᠶᠠᠴᠢᠨ ᠤᠷᠢᠵᠤ ᠪᠡᠯᠡ ᠲᠠᠲᠠᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ | ᠪᠣᠯᠤᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠴᠢᠩᠭ᠎ᠠ ᠠᠳᠬᠤᠵᠤ᠂ ᠶᠡᠭᠡ | ᠬᠡᠮᠵᠢᠶᠡᠨ ᠤ ᠠᠵᠢᠯ ᠬᠢᠵᠦ᠂ ᠮᠡᠳᠡᠭᠳᠡᠮ᠎ᠡ ᠦᠷ᠎ᠡ ᠪᠦᠲᠦᠮᠵᠢ ᠣᠯᠵᠠᠢ᠃ ᠪᠦᠬᠦ ᠬᠤᠳᠠ ᠪᠠᠷ ᠢᠶᠠᠨ ᠥᠭᠡᠳᠡᠯᠡᠨ | ᠲᠠᠪᠰᠢᠬᠤ ᠡᠷᠴᠢ ᠵᠣᠷᠢᠭ ᠪᠣᠯᠤᠨ ᠲᠡᠷᠢᠭᠦᠨ ᠪᠣᠯᠬᠤ ᠪᠠᠷ ᠡᠷᠡᠯᠬᠡᠭᠯᠡᠨ ᠲᠡᠮᠡᠴᠡᠬᠦ ᠬᠠᠨᠳᠤᠰᠢ ᠪᠠᠨ ᠦᠷᠭᠦᠯᠵᠢᠯᠡᠨ | ᠪᠠᠲᠤᠯᠠᠵᠤ᠂ ᠪᠦᠬᠦ ᠬᠤᠳᠠ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠲᠤᠯᠭᠠᠮ᠎ᠠ ᠪᠠᠶᠢᠳᠠᠯ ᠢ ᠭᠦᠢᠴᠡᠳ ᠲᠠᠨᠢᠵᠤ᠂ | ᠡᠷᠡᠰ ᠭᠤᠶᠢᠪᠢᠰᠢ ᠦᠭᠡᠢ ᠪᠠᠷ ᠬᠥᠭᠵᠢᠯᠲᠡ ᠶᠢ ᠡᠷᠢᠯᠬᠢᠯᠡᠨ᠂ ᠬᠥᠭᠵᠢᠯᠲᠡ ᠶᠢ ᠠᠳᠬᠤᠨ᠂ ᠬᠥᠭᠵᠢᠯᠲᠡ ᠶᠢ | ᠠᠬᠢᠭᠤᠯᠵᠤ᠂ ᠡᠷᠡᠯᠬᠡᠭᠯᠡᠨ ᠤᠷᠤᠭᠰᠢᠯᠠᠵᠤ᠂ ᠵᠣᠷᠢᠭᠲᠠᠶ ᠪᠠᠷ ᠲᠡᠷᠢᠭᠦᠨ ᠪᠣᠯᠬᠤ ᠪᠠᠷ ᠲᠡᠮᠡᠴᠡᠬᠦ ᠯᠠᠪᠳᠠᠭᠤᠨ ᠪᠠᠲᠤᠲᠠᠶ | ᠠᠵᠢᠯᠯᠠᠭ᠎ᠠ ᠪᠠᠷ ᠢᠶᠠᠨ ᠠᠵᠤ ᠠᠬᠤᠶ ᠶᠢᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠳᠤ ᠨᠡᠩ ᠶᠡᠭᠡ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂ | ᠨᠠᠶᠢᠳᠠᠪᠤᠷᠢᠵᠢᠭᠤᠯᠤᠯᠲᠠ ᠶᠢ ᠥᠴᠦᠬᠡᠨ ᠴᠦ ᠰᠤᠯᠠᠷᠠᠭᠤᠯᠤᠯ ᠦᠭᠡᠢ ᠠᠳᠬᠤᠬᠤ ᠬᠡᠷᠡᠭᠲᠡᠢ᠃ ᠭᠤᠤᠯᠳᠠᠯᠭ᠎ᠠ ᠲᠠᠢ | ᠲᠥᠷᠥᠯ ᠵᠦᠢᠯ ᠢ ᠲᠥᠪᠯᠡᠷᠡᠭᠦᠯᠦᠨ ᠪᠣᠭᠤᠮᠲᠠ ᠰᠢᠪᠲᠤᠯᠵᠤ᠂ ︽ᠲᠥᠷᠥᠯ ᠵᠦᠢᠯ ᠤᠨ ᠬᠠᠮᠢᠶᠠᠷᠤᠭᠴᠢ︾ ︽ | ᠬᠡᠯᠬᠢᠶᠡᠨ ᠤ ᠳᠠᠷᠤᠭ᠎ᠠ ᠶᠢᠨ ᠲᠦᠷᠢᠮ︾ ᠵᠡᠷᠭᠡ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ | ᠡᠬᠢᠯᠡᠭᠦᠯᠦᠭᠡᠳᠦᠶ ᠲᠥᠷᠥᠯ ᠵᠦᠢᠯ ᠳᠤ ᠲᠥᠪᠯᠡᠷᠡᠭᠦᠯᠦᠨ ᠠᠵᠢᠯᠯᠠᠬᠤ᠂ ᠬᠠᠮᠲᠤᠷᠠᠨ ᠬᠢᠨᠠᠨ ᠵᠥᠪᠰᠢᠶᠡᠷᠡᠬᠦ᠂ ᠲᠤᠰᠬᠠᠶ | ᠬᠥᠮᠦᠨ ᠭᠦᠢᠴᠡᠳᠭᠡᠬᠦ ᠵᠡᠷᠭᠡ ᠠᠷᠭ᠎ᠠ ᠮᠠᠶ᠋ᠢᠭ ᠢ ᠠᠪᠴᠤ᠂ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠦ᠂ | ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ ᠳᠤ ᠴᠠᠭ ᠢ ᠠᠮᠵᠢᠨ᠂ ᠠᠬᠢᠴᠠ ᠶᠢ ᠲᠦᠷᠭᠡᠳᠬᠡᠵᠦ᠂ | ᠤᠷᠤᠭᠰᠢᠲᠠᠶ ᠠᠬᠢᠭᠤᠯᠬᠤ ᠶᠢ ᠪᠠᠲᠤᠯᠠᠬᠤ ᠬᠡᠷᠡᠭᠲᠡᠶ᠃ ᠠᠷᠠᠯᠵᠢᠶᠠᠴᠢᠨ ᠤᠷᠢᠵᠤ ᠪᠠᠯᠠ ᠲᠠᠲᠠᠬᠤ ᠳᠤ ᠣᠨᠤᠴᠠᠲᠠᠢ | ᠬᠦᠴᠦᠯᠡᠵᠦ᠂ ᠨᠢᠭᠡᠨᠲᠡ ᠲᠣᠭᠲᠠᠭᠠᠭᠰᠠᠨ 17 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ | ᠠᠩᠬᠠᠷᠤᠯ ᠢᠶᠠᠨ ᠲᠥᠪᠯᠡᠷᠡᠭᠦᠯᠦᠨ᠂ ᠪᠦᠬᠦ ᠬᠤᠳᠠ ᠶᠢᠨ ᠠᠷᠠᠯᠵᠢᠶᠠᠴᠢᠨ ᠤᠷᠢᠬᠤ ᠬᠦᠴᠦᠨ ᠢ ᠨᠢᠭᠡᠳᠦᠯᠲᠡᠢ | ᠲᠥᠯᠥᠪᠵᠢᠭᠦᠯᠵᠦ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ | ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠳᠤ ᠠᠩᠬᠠᠷᠤᠯ ᠢᠶᠠᠨ ᠬᠠᠨᠳᠤᠭᠤᠯᠤᠨ᠂ | ᠠᠷᠠᠯᠵᠢᠶᠠᠴᠢᠨ ᠤᠷᠢᠬᠤ ᠲᠥᠯᠦᠪᠯᠡᠭᠡ ᠶᠣᠰᠣᠭᠠᠷ ᠦᠳᠲᠡᠷ ᠲᠦᠷᠭᠡᠨ ᠬᠥᠳᠡᠯᠦᠯᠴᠡᠵᠦ᠂ ᠣᠨᠤᠴᠠᠲᠠᠢ ᠠᠷᠠᠯᠵᠢᠶᠠᠴᠢᠨ | ᠤᠷᠢᠵᠤ᠂ ᠬᠦᠴᠦ ᠪᠠᠨ ᠲᠥᠪᠯᠡᠷᠡᠭᠦᠯᠦᠨ ᠬᠦᠴᠦᠯᠡᠵᠦ ᠪᠠᠶᠢᠭᠠᠳ ᠠᠷᠠᠯᠵᠢᠶᠠᠴᠢᠨ ᠤᠷᠢᠵᠤ ᠪᠠᠯᠠ ᠲᠠᠲᠠᠬᠤ ᠨᠢᠭᠡ | ᠪᠦᠯᠦᠭ ᠰᠢᠨ᠎ᠡ ᠦᠷ᠎ᠡ ᠪᠦᠲᠦᠭᠡᠯ ᠢ ᠲᠦᠷᠭᠡᠨ ᠪᠤᠢ ᠪᠣᠯᠭᠠᠬᠤ ᠬᠡᠷᠡᠭᠲᠡᠢ᠃ ᠡᠵᠡᠩᠨᠡᠯᠲᠡ ᠠᠷᠠᠯᠵᠢᠶᠠᠨ ᠤ ᠣᠷᠴᠢᠨ | ᠲᠣᠭᠤᠷᠢᠨ ᠢ ᠶᠡᠬᠡᠪᠡᠷ ᠳᠡᠭᠡᠭᠰᠢᠯᠡᠭᠦᠯᠵᠦ᠂ ᠮᠠᠨ ᠤ ᠬᠤᠲᠠ ᠶᠢᠨ ᠡᠵᠡᠩᠨᠡᠯᠲᠡ ᠠᠷᠠᠯᠵᠢᠶᠠᠨ ᠤ ᠣᠷᠴᠢᠨ | ᠲᠣᠭᠤᠷᠢᠨ ᠳᠤ ᠣᠷᠣᠰᠢᠵᠤ ᠪᠠᠶᠢᠭ᠎ᠠ ᠠᠰᠠᠭᠤᠳᠠᠯ ᠢ ᠤᠯᠠᠮ ᠨᠢᠭᠡ ᠠᠯᠬᠤᠮ ᠰᠤᠳᠤᠯᠤᠨ ᠡᠮᠬᠢᠯᠡᠵᠦ᠂ ᠴᠡᠭᠴᠡᠯᠡᠨ | ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ | ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠴᠢᠨᠠᠷ ᠰᠠᠶᠢᠲᠠᠶ | ᠬᠥᠭᠵᠢᠯᠲᠡ ᠶᠢᠨ ᠭᠤᠤᠯ ᠲᠡᠶᠢᠨ ᠤ ᠲᠠᠯᠠᠪᠤᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠵᠦ᠂ | ᠠᠷᠠᠯᠵᠢᠶᠠᠴᠢᠨ ᠤᠷᠢᠵᠤ ᠪᠠᠯᠠ ᠲᠠᠲᠠᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠬᠦᠷᠢᠶᠡᠯᠡᠩ | ᠲᠣᠭᠤᠷᠢᠭ ᠤᠨ ᠲᠣᠰ ᠪᠡᠶ᠎ᠡ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠳᠤ ᠰᠢᠨ᠎ᠡ ᠰᠢᠪᠲᠤᠯᠤᠯᠲᠠ ᠲᠠᠢ | ᠪᠣᠯᠬᠤ ᠶᠢ ᠶᠡᠬᠡᠪᠡᠷ ᠠᠬᠢᠭᠤᠯᠵᠤ᠂ ᠬᠠᠮᠢᠶᠠᠷᠤᠯᠲᠠ ᠪᠠ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ | ᠰᠢᠯᠤᠭᠤᠳᠬᠠᠨ᠂ ᠬᠦᠷᠢᠶᠡᠯᠡᠩ ᠲᠣᠭᠤᠷᠢᠭ ᠤᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠵᠤ᠂ ᠬᠥᠲᠥᠯᠦᠨ | ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠢᠷᠡᠬᠦ ᠵᠢᠯ ᠤᠨ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠵᠦ᠂ ︽ᠬᠤᠣᠰ ᠨᠡᠭᠦᠷᠡᠰᠦᠲᠥ᠋ᠷᠥᠭᠴᠢ︾ ᠶᠢᠨ | ᠬᠠᠷᠠᠯᠲᠠ᠂ ︽ᠬᠤᠣᠰ ᠡᠵᠡᠮᠳᠡᠯ︾ ᠤᠨ ᠱᠠᠭᠠᠷᠳᠠᠯᠭ᠎ᠠ ᠶᠢ ᠲᠤᠪᠤᠶᠢᠯᠭᠠᠬᠤ ᠪᠠ ᠠᠵᠤ ᠦᠢᠯᠡᠰ ᠤᠨ ᠪᠦᠲᠦᠴᠡ ᠶᠢ | ᠰᠢᠯᠢᠳᠡᠭᠵᠢᠭᠦᠯᠵᠦ᠂ ᠤᠳᠤ ᠶᠢᠨ ᠪᠠᠶᠢᠭ᠎ᠠ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ | ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠪᠠᠷ ᠪᠠᠷᠠᠬᠤ ᠦᠭᠡᠢ ᠪᠠᠰᠠ ᠪᠠᠶᠢᠯᠳᠤᠬᠤ ᠪᠤᠳᠤᠯᠭ᠎ᠠ ᠶᠢᠨ | ᠴᠢᠭᠯᠡᠯ ᠢ ᠲᠤᠪᠤᠶᠢᠯᠭᠠᠠ ᠲᠥᠯᠥᠪᠵᠢᠭᠦᠯᠭᠡ ᠪᠠᠨ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠬᠤ ᠳᠤ ᠰᠠᠭᠤᠷᠢ ᠶᠢ ᠪᠠᠲᠤᠳᠬᠠᠵᠤ᠂ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠠᠵᠤ | ᠠᠬᠤᠶ ᠶᠢᠨ ᠠᠵᠢᠯᠯᠠᠭᠠᠨ ᠢ ᠬᠢᠨᠠᠨ ᠬᠡᠮᠵᠢᠵᠦ ᠲᠣᠬᠢᠷᠠᠭᠤᠯᠬᠤ ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠷᠢᠭᠤᠴᠠᠯᠭ᠎ᠠ ᠪᠠᠨ | ᠲᠣᠳᠤᠷᠬᠠᠶᠢᠯᠠᠵᠤ᠂ ᠲᠤᠰᠢᠶᠠᠯ ᠢᠶᠠᠨ ᠭᠦᠢᠴᠡᠳᠬᠡᠵᠦ᠂ ᠤᠷᠢᠳᠴᠢᠯᠠᠨ ᠰᠡᠷᠡᠮᠵᠢᠯᠡᠭᠦᠯᠵᠦ ᠵᠠᠳᠠᠯᠤᠯᠲᠠ ᠬᠢᠬᠦ ᠪᠠᠨ | ᠴᠢᠩᠭᠠᠳᠬᠠᠨ᠂ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠶ᠃ ᠬᠥᠭᠵᠢᠯᠲᠡ ᠪᠣᠯᠤᠨ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠢᠵᠢᠭ ᠢ ᠰᠡᠷᠭᠡᠶᠢᠯᠡᠨ ᠡᠵᠡᠮᠳᠡᠬᠦ᠂ ᠠᠶᠤᠯᠭᠦᠢ | ᠦᠢᠯᠡᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠴᠢᠩᠭ᠎ᠠ ᠪᠣᠳᠠᠲᠠᠢ | ᠠᠳᠬᠤᠵᠤ᠂ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠡᠮᠬᠢ ᠵᠢᠷᠤᠮ ᠲᠠᠢ᠂ ᠨᠡᠶᠢᠭᠡᠮ ᠤᠨ ᠣᠷᠴᠢᠨ | ᠲᠣᠭᠤᠷᠢᠨ ᠤ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠸᠠᠩ ᠸᠠᠩ ᠱᠧᠩ ᠶᠠᠷᠢᠶᠠᠨ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠳᠦᠷ ᠳᠤᠳᠤᠮ ᠤᠨ | ᠳᠤᠬᠢᠷᠠᠭᠤᠯᠤᠯᠲᠠ ᠪᠠᠨ ᠴᠢᠩᠭᠠᠳᠬᠠᠨ᠂ ᠬᠠᠷᠠᠯᠲᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ | ᠪᠣᠳᠠᠲᠠᠶᠢᠵᠢᠭᠤᠯᠤᠨ᠂ ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠳᠤᠲᠠᠭᠳᠠᠭᠰᠠᠨ ᠢᠶᠠᠨ ᠪᠠᠶᠢᠴᠠᠭᠠᠨ ᠣᠷᠬᠢᠭᠳᠠᠭᠰᠠᠨ ᠢᠶᠠᠨ ᠨᠥᠬᠦᠪᠥᠷᠢᠯᠡᠵᠦ᠂ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠬᠢᠷᠠᠭᠤᠯᠤᠯᠲᠠ | ᠪᠠᠶᠢᠷᠢᠯᠠᠭᠤᠯᠤᠯᠲᠠ ᠪᠣᠯᠤᠨ ᠠᠵᠢᠯ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠲᠤᠰ ᠭᠠᠵᠠᠷ ᠣᠷᠣᠨ᠂ ᠲᠤᠰ | ᠬᠦᠷᠢᠶᠡᠨ ᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠤᠢᠢᠯᠠᠭᠠᠨ ᠡᠮᠬᠢᠯᠡᠵᠦ᠂ ᠨᠠᠶᠢᠳᠠᠪᠤᠷᠢᠵᠢᠭᠤᠯᠤᠯᠲᠠ ᠶᠢ | ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠡᠳ᠋ ᠤᠨ ᠵᠠᠰᠠᠭ ᠤᠨ ᠣᠷᠣᠯᠭ᠎ᠠ᠂ ᠵᠠᠷᠤᠯᠭ᠎ᠠ ᠶᠢᠨ ᠡᠷᠴᠢᠮ ᠢ | ᠴᠢᠩᠭᠠᠷᠠᠭᠤᠯᠤᠨ᠂ ᠡᠳ᠋ ᠤᠨ ᠵᠠᠰᠠᠭ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠵᠤ᠂ ᠪᠡᠯᠡ | ᠮᠥᠩᠭᠦᠨ ᠤ ᠵᠠᠷᠤᠯᠭ᠎ᠠ ᠶᠢᠨ ᠠᠬᠢᠴᠠ ᠶᠢ ᠪᠠᠲᠤᠯᠠᠨ᠂ ᠪᠡᠯᠡ ᠮᠥᠩᠭᠦ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ | ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ᠃ ᠡᠨᠧᠷᠭᠢ ᠶᠢᠨ ᠬᠤᠷᠣᠭᠳᠠᠯ ᠤᠨ ᠣᠨ ᠤ ︽ᠬᠤᠣᠰ ᠡᠵᠡᠮᠳᠡᠯ︾ ᠤᠨ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠬᠠᠮᠢᠶ᠎ᠠ ᠪᠥᠬᠦᠶ ᠲᠥᠰᠦᠯ ᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ | ᠡᠨᠧᠷᠭᠢ ᠠᠷᠪᠢᠯᠠᠬᠤ ᠥᠭᠡᠷᠡᠴᠢᠯᠡᠯᠲᠡ ᠶᠢ ᠠᠬᠢᠭᠤᠯᠵᠤ᠂ ︽ᠬᠤᠣᠰ ᠡᠵᠡᠮᠳᠡᠯ︾ ᠤᠨ ᠬᠠᠷᠠᠯᠲᠠ ᠶᠢᠨ ᠤᠷᠤᠭᠰᠢᠲᠠᠶ | ᠪᠡᠶᠡᠯᠡᠭᠳᠡᠬᠦ ᠶᠢ ᠪᠠᠲᠤᠯᠠᠬᠤ ᠬᠡᠷᠡᠭᠲᠡᠶ᠃ ︽ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ︾ ᠪᠠ ︽ᠵᠢᠷᠭᠤᠭᠠᠨ | ᠤᠯᠠᠭᠠᠨᠬᠠᠳᠠ︾ ᠶᠢᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠰᠦᠯ ᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠠᠬᠢᠭᠤᠯᠵᠤ᠂ ᠲᠤᠰᠬᠠᠶ ᠪᠠᠭ ᠢᠶᠠᠷ ᠠᠬᠢᠭᠤᠯᠬᠤ᠂ ᠬᠤᠪᠢᠶᠠᠷᠢ ᠲᠥᠰᠦᠯ ᠢ ᠨᠠᠶᠢᠷᠠᠭᠤᠯᠬᠤ᠂ | ᠲᠥᠷᠥᠯ ᠵᠦᠢᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠰᠠᠶᠢᠲᠤᠷ ᠠᠳᠬᠤᠵᠤ᠂ ︽ | 1+4+N︾ ᠶᠢᠨ ᠨᠠᠶᠢᠳᠠᠪᠤᠷᠢᠵᠢᠭᠤᠯᠬᠤ ᠰᠢᠰᠲ᠋ᠧᠮᠵᠢ ᠶᠢ ᠪᠦᠷᠢᠯᠳᠦᠭᠦᠯᠬᠦ ᠬᠡᠷᠡᠭᠲᠡᠶ᠃ ᠢᠷᠡᠬᠦ ᠵᠢᠯ ᠤᠨ ᠲᠦᠷᠦᠯ | ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠡᠮᠦᠨᠡᠬᠢ ᠬᠤᠭᠤᠴᠠᠭᠠᠨ ᠤ ᠭᠠᠷ | ᠭᠦᠢᠴᠡᠳᠬᠡᠯ ᠢ ᠲᠦᠷᠭᠡᠨ ᠭᠦᠢᠴᠡᠳᠬᠡᠵᠦ᠂ ᠠᠷᠠᠯᠵᠢᠶᠠᠴᠢᠨ ᠤᠷᠢᠵᠤ ᠪᠡᠯᠡ ᠲᠠᠲᠠᠬᠤ ᠡᠷᠴᠢᠮ ᠢᠶᠠᠨ ᠴᠢᠩᠭᠠᠷᠠᠭᠤᠯᠵᠤ | ᠂ ᠢᠷᠡᠬᠦ ᠵᠢᠯ ᠤᠨ ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠭᠤᠷᠢ ᠲᠠᠯᠪᠢᠵᠤ ᠥᠭᠬᠦ ᠬᠡᠷᠡᠭᠲᠡᠢ᠃ ᠡᠵᠡᠩᠨᠡᠯᠲᠡ | ᠠᠷᠠᠯᠵᠢᠶᠠᠨ ᠤ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠶᠡᠬᠡᠪᠡᠷ | ᠳᠡᠭᠡᠭᠰᠢᠯᠡᠭᠦᠯᠦᠨ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠨᠡᠩ ᠤᠯᠠᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠢᠵᠢᠭ ᠢ | ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠢ ᠦᠷᠭᠦᠯᠵᠢᠯᠡᠨ ᠰᠠᠶᠢᠲᠤᠷ ᠠᠳᠬᠤᠵᠤ᠂ ︽ᠨᠢᠭᠡ | ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠡᠭᠦᠷᠭᠡ ᠬᠠᠷᠢᠭᠤᠴᠠᠯᠭ᠎ᠠ ᠶᠢ ᠴᠢᠩᠭ᠎ᠠ | ᠭᠦᠢᠴᠡᠳᠬᠡᠵᠦ᠂ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠲᠠ ᠶᠢᠨ ᠤᠳᠤᠷᠢᠳᠤᠯᠭ᠎ᠠ ᠴᠧᠨ ᠵᠠᠨ ᠶᠢᠩ᠂ ᠰᠥᠩ ᠢᠦᠶ ᠵᠢᠶᠠᠨ᠂ ᠢᠦᠶ ᠸᠧᠶ ᠳ᠋ᠦᠩ᠂ ᠶᠠᠩ ᠮᠥ᠂ | ᠯᠢ ᠬᠤᠤ ᠨᠠᠨ᠂ ᠮᠧᠩ ᠰᠢᠶᠤᠤ ᠪᠢᠩ ᠬᠤᠷᠠᠯ ᠳᠤ ᠣᠷᠣᠯᠴᠠᠪᠠ᠃ | |