ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠸᠠᠩ ᠯᠢ ᠰᠢᠶᠠ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2021/11/16
           11 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠤᠨ ᠱᠠᠭᠠᠷᠳᠠᠯᠭ᠎ᠠ ᠶᠢ ᠰᠤᠳᠤᠯᠤᠨ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠬᠢᠯᠡᠵᠡᠢ᠃        ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠪᠣᠯ ᠨᠠᠮ ᠤᠨ ᠲᠥᠪ ᠬᠤᠷᠢᠶᠠᠨ ᠤ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠳᠤ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠲᠡᠦᠬᠡᠲᠦ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠴᠢᠬᠤᠯᠠ ᠬᠤᠷᠠᠯ ᠪᠣᠯᠤᠨ᠎ᠠ᠃ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠬᠠᠮᠤᠭ ᠤᠨ ᠴᠢᠬᠤᠯᠠ ᠨᠢ ᠳᠠᠷᠤᠶ ︽ᠬᠤᠶᠠᠷ ᠢ ᠲᠣᠭᠲᠠᠭᠠᠬᠤ︾  ᠰᠢᠢᠳᠪᠦᠷᠢᠯᠡᠭᠴᠢ ᠴᠢᠨᠠᠷᠲᠠᠶ ᠠᠴᠢ ᠬᠤᠯᠪᠣᠭᠳᠠᠯ ᠢ ᠣᠶᠢᠯᠠᠭᠠᠨ ᠡᠵᠡᠮᠰᠢᠵᠥ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠩ ᠤᠬᠠᠮᠰᠠᠷ ᠠᠴᠠ ᠪᠠᠨ ᠰᠤᠷᠤᠯᠴᠠᠨ ᠲᠤᠭᠤᠰᠢᠯᠠᠭᠤᠯᠵᠤ᠂ ᠤᠯᠠᠮ ᠴᠢᠨᠠᠭᠰᠢᠳᠠ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠶ᠋ᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ ᠬᠡᠵᠥ ᠵᠢᠭᠠᠵᠥ ᠭᠠᠷᠭᠠᠪᠠ᠃        ᠬᠤᠷᠠᠯ ᠠᠴᠠ᠂ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠪᠣᠯ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠶ ᠲᠤᠯᠭᠤᠷ ᠪᠢᠴᠢᠭ ᠮᠥᠨ᠂ ᠮᠠᠨ ᠤ ᠨᠠᠮ ᠤᠨ ᠨᠢᠭᠡᠳᠦᠭᠡᠷ ᠵᠠᠭᠤᠨ ᠵᠢᠯ ᠤᠨ ᠠᠶᠠᠨ ᠵᠠᠮ ᠤᠨ ᠬᠦᠰᠢᠶ᠎ᠡ ᠲᠡᠮᠳᠡᠭ᠂ ᠬᠤᠶᠠᠳᠤᠭᠠᠷ ᠵᠠᠭᠤᠨ ᠵᠢᠯ ᠤᠨ ᠠᠶᠠᠨ ᠵᠠᠮ ᠤᠨ ᠳᠠᠶᠢᠴᠢᠯᠠᠯᠲᠠ ᠶᠢᠨ ᠵᠠᠷᠯᠢᠭ ᠪᠠᠶᠢᠵᠥ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠴᠤᠭᠯᠠᠷᠠᠬᠤ ᠪᠦᠷᠢᠶ᠎ᠡ ᠶᠢ ᠬᠠᠩᠭᠢᠨᠠᠭᠤᠯᠵᠠᠶ᠃ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠠᠭᠤᠤ ᠶᠡᠭᠡ ᠠᠮᠵᠢᠯᠲᠠ ᠪᠦᠳᠦᠮᠵᠢ ᠶᠢ ᠭᠦᠨᠵᠡᠭᠡᠢ ᠤᠢᠢᠯᠠᠭᠠᠨ ᠡᠵᠡᠮᠰᠢᠵᠦ᠂ ᠨᠠᠮ ᠢᠶᠠᠷ ᠢᠷᠠᠭᠤ ᠠᠯᠳᠠᠷ ᠢᠶᠠᠨ ᠪᠣᠯᠭᠠᠵᠤ᠂ ᠲᠡᠦᠬᠡ ᠪᠠᠷ ᠢᠷᠠᠭᠤ ᠠᠯᠳᠠᠷ ᠢᠶᠠᠨ ᠪᠣᠯᠭᠠᠵᠤ᠂ ᠨᠠᠮ ᠪᠣᠯᠤᠨ ᠠᠷᠠᠳ ᠲᠦᠮᠡᠨ ᠤ ᠠᠵᠢᠯ ᠦᠢᠯᠡᠰ ᠤᠨ ᠲᠥᠯᠥᠭᠡ ᠲᠡᠮᠡᠴᠡᠬᠦ ᠳᠣᠲᠣᠭᠠᠳᠤ ᠬᠥᠳᠡᠯᠭᠡᠬᠦ ᠬᠦᠴᠦᠨ ᠢᠶᠠᠨ ᠲᠠᠰᠤᠷᠠᠯᠳᠠ ᠦᠭᠡᠢ ᠴᠢᠩᠭᠠᠷᠠᠭᠤᠯᠬᠤ ᠬᠡᠷᠡᠭᠲᠡᠢ᠃ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠠᠭᠤᠤ ᠶᠡᠭᠡ ᠠᠴᠢ ᠬᠤᠯᠪᠣᠭᠳᠠᠯ ᠢ ᠭᠦᠨᠵᠡᠭᠡᠢ ᠤᠢᠢᠯᠠᠭᠠᠨ ᠡᠵᠡᠮᠰᠢᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠪᠠᠷ ᠴᠢᠷᠮᠠᠶᠢᠬᠤ ᠬᠡᠷᠡᠭᠲᠡᠢ᠃ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠠᠭᠤᠤ ᠶᠡᠭᠡ ᠲᠤᠷᠰᠢᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠭᠤᠣᠯ ᠴᠢᠮᠥᠭᠡ ᠴᠢᠬᠤᠯᠠ ᠠᠭᠤᠯᠭ᠎ᠠ ᠶᠢ ᠡᠵᠡᠮᠰᠢᠵᠦ᠂ ᠤᠶᠤᠨ ᠤᠬᠠᠭᠠᠨ ᠬᠦᠴᠦᠨ ᠴᠢᠳᠠᠯ ᠢ ᠰᠢᠩᠭᠡᠭᠡᠨ ᠠᠪᠴᠤ᠂ ᠰᠤᠷᠤᠭᠰᠠᠨ ᠢᠶᠠᠨ ᠬᠡᠷᠡᠭᠯᠡᠬᠦ ᠳᠤᠮᠳᠠ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠲᠡᠦᠬᠡ ᠪᠠᠷ ᠲᠤᠯᠢ ᠪᠣᠯᠭᠠᠬᠤ᠂ ᠢᠷᠡᠭᠡᠳᠦᠢ ᠶᠢ ᠨᠡᠭᠡᠭᠡᠬᠦ ᠴᠢᠬᠤᠯᠠ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠦᠨᠡᠨ ᠬᠦ ᠤᠯᠤᠰ ᠲᠦᠷᠦ ᠶᠢ ᠡᠷᠬᠢᠮᠯᠡᠬᠦ ᠱᠠᠭᠠᠷᠳᠠᠯᠭ᠎ᠠ ᠶᠣᠰᠣᠭᠠᠷ ᠣᠳᠣᠬᠠᠨ ᠤ ᠶᠠᠪᠤᠳᠠᠯ ᠢᠶᠠᠨ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ ᠬᠡᠵᠥ ᠵᠢᠭᠠᠵᠥ ᠭᠠᠷᠭᠠᠪᠠ᠃        ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠ ᠣᠷᠳᠣ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠭᠤᠤᠯᠳᠠᠯᠭ᠎ᠠ ᠪᠣᠯᠭᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠡᠯ᠎ᠡ ᠵᠦᠢᠯ ᠤᠨ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠪᠥᠬᠦᠳᠡ ᠬᠤᠷᠠᠯ ᠤᠨ ᠪᠢᠴᠢᠭ ᠮᠠᠲ᠋ᠧᠷᠢᠶᠠᠯ ᠢ ᠭᠦᠨᠵᠡᠭᠡᠶ ᠰᠤᠳᠤᠯᠤᠨ ᠤᠩᠰᠢᠵᠤ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠣᠷᠢᠭ ᠰᠠᠨᠠᠭᠠᠨ ᠤ ᠮᠥᠨ ᠴᠢᠨᠠᠷ ᠢ ᠦᠨᠡᠨ ᠬᠦ ᠡᠵᠡᠮᠰᠢᠵᠦ᠂ ᠰᠠᠶᠢᠳᠤᠷ ᠤᠢᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠬᠢᠬᠦ ᠪᠠᠷ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠭᠦᠨᠵᠡᠭᠡᠶᠢᠷᠡᠬᠦᠯᠦᠨ ᠪᠣᠳᠠᠲᠠᠶᠢᠵᠢᠭᠤᠯᠬᠤ ᠶᠢ ᠳᠠᠶᠢᠴᠢᠯᠠᠬᠤ ᠬᠡᠷᠡᠭᠲᠡᠶ᠃ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠬᠥᠳᠡᠯᠭᠡᠬᠦ ᠬᠦᠴᠦᠨ ᠪᠣᠯᠭᠠᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠢᠯ ᠤᠨ ᠡᠷᠴᠢ ᠵᠣᠷᠢᠭ ᠢᠶᠠᠨ ᠪᠠᠲᠤᠯᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠴᠢᠩᠭ᠎ᠠ ᠠᠳᠬᠤᠵᠥ ᠲᠦᠷᠭᠡᠨ ᠰᠢᠢᠳᠪᠦᠷᠢᠯᠡᠵᠦ ᠪᠣᠭᠤᠮᠲᠠ ᠰᠢᠪᠲᠤᠯᠬᠤ ᠶᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠠᠳᠬᠤᠵᠤ᠂ ᠡᠷᠡᠰ ᠪᠠᠲᠤ ᠯᠠᠪᠳᠠᠭᠤᠨ ᠲᠣᠬᠢᠲᠠᠢ ᠪᠠᠷ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠠᠶᠢᠷ᠎ᠠ ᠰᠡᠳᠭᠢᠯᠭᠡ ᠲᠠᠢ ᠪᠠᠷ ᠬᠦᠴᠦ ᠣᠷᠣᠭᠤᠯᠤᠨ ᠠᠷᠠᠳ ᠤᠨ ᠠᠮᠢᠳᠤᠷᠠᠯ ᠢ ᠪᠠᠲᠤᠯᠠᠵᠤ᠂ ᠡᠷᠲᠡ ᠠᠴᠠ ᠠᠳᠬᠤᠵᠤ ᠤᠬᠠᠭᠠᠯᠠᠨ ᠲᠥᠯᠥᠪᠵᠢᠭᠦᠯᠬᠦ ᠳᠤ ᠰᠠᠭᠤᠷᠢᠯᠠᠵᠤ᠂ ᠡᠨᠡ ᠵᠢᠯ ᠤᠨ ᠠᠵᠢᠯ ᠢᠶᠠᠨ ᠲᠡᠭᠦᠰ ᠠᠮᠵᠢᠯᠲᠠ ᠲᠠᠢ ᠰᠡᠬᠦᠯ ᠬᠤᠷᠢᠶᠠᠵᠦ᠂ ᠢᠷᠡᠬᠦ ᠵᠢᠯ ᠤᠨ ᠠᠵᠢᠯ ᠢᠶᠠᠨ ᠰᠠᠶᠢᠳᠤᠷ ᠡᠬᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号