ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠡᠭᠦᠨ ᠬᠤᠶᠢᠲᠤ ᠣᠷᠣᠨ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦ ᠬᠡᠰᠢᠬᠦᠳ ᠤᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠵᠠᠩᠭᠢᠯᠠᠭ᠎ᠠ ᠶᠢᠨ ᠴᠡᠭ ᠢ ᠣᠨᠣᠪᠴᠢᠲᠠᠶ ᠡᠵᠡᠮᠳᠡᠵᠥ ᠭᠠᠷᠳᠠᠬᠤ ᠴᠡᠭ ᠢ ᠣᠨᠣᠪᠴᠢᠲᠠᠶ ᠣᠯᠵᠤ ᠰᠢᠪᠳᠤᠯᠬᠤ ᠴᠡᠭ ᠢ ᠤᠨᠤᠪᠴᠢᠳᠠᠢ ᠡᠷᠢᠵᠥ ᠵᠡᠭᠦᠨ ᠬᠡᠰᠡᠭ ᠤᠨ ᠠᠶᠢᠮᠠᠭ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠳᠤᠳᠠᠢ ᠬᠦᠴᠦᠲᠡᠶ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2021/11/16
           11 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠡᠭᠦᠨ ᠬᠤᠶᠢᠲᠤ ᠣᠷᠣᠨ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦ ᠬᠡᠰᠢᠬᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠵᠡᠭᠦᠨ ᠬᠤᠶᠢᠲᠤ ᠣᠷᠣᠨ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠡᠷᠡ᠂ ᠵᠠᠩᠭᠢᠯᠠᠭ᠎ᠠ ᠶᠢᠨ ᠴᠡᠭ ᠢ ᠣᠨᠣᠪᠴᠢᠲᠠᠶ ᠡᠵᠡᠮᠳᠡᠵᠦ᠂ ᠭᠠᠷᠳᠠᠬᠤ ᠴᠡᠭ ᠢ ᠣᠨᠣᠪᠴᠢᠲᠠᠶ ᠣᠯᠵᠤ᠂ ᠰᠢᠪᠲᠤᠯᠬᠤ ᠴᠡᠭ ᠢ ᠣᠨᠣᠪᠴᠢᠲᠠᠶ ᠡᠷᠢᠵᠤ᠂ ᠵᠡᠭᠦᠨ ᠬᠡᠰᠡᠭ ᠤᠨ ᠠᠶᠢᠮᠠᠭ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠳᠤᠳᠠᠢ ᠬᠦᠴᠦᠲᠡᠶ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃        ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠥᠭᠦᠯᠡᠯᠲᠡ ᠨᠢ ᠶᠡᠷᠦᠩᠬᠡᠢ ᠱᠦᠵᠢ ᠪᠣᠯᠤᠨ ᠨᠠᠮ ᠤᠨ ᠲᠥᠪ ᠬᠤᠷᠢᠶᠠᠨ ᠤ ᠮᠠᠨ ᠤ ᠣᠷᠣᠨ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠳᠣᠲᠣᠭᠠᠳᠤ ᠳᠠᠭᠠᠨ ᠨᠢᠭᠡᠳᠦᠯᠲᠡᠢ ᠪᠠᠶᠢᠨ᠎ᠠ᠂ ᠡᠷᠬᠡᠪᠰᠢ ᠤᠯᠤᠰ ᠲᠦᠷᠦ ᠶᠢᠨ ᠲᠠᠯ᠎ᠠ ᠠᠴᠠ ᠰᠠᠶᠢᠲᠤᠷ ᠣᠶᠢᠯᠠᠭᠠᠵᠤ᠂ ᠨᠡᠪᠳᠡᠷᠡᠳᠡᠯ᠎ᠡ ᠣᠶᠢᠯᠠᠭᠠᠵᠤ᠂ ᠨᠠᠮ ᠤᠨ ᠲᠥᠪ ᠬᠤᠷᠢᠶᠠᠨ ᠤ ᠵᠣᠷᠢᠭ ᠰᠠᠨᠠᠭᠠᠨ ᠤ ᠵᠢᠯᠤᠭᠤᠳᠤᠯᠭ᠎ᠠ ᠳᠣᠣᠷ᠎ᠠ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠰᠠᠭᠤᠳᠠᠯ ᠳᠤ ᠴᠢᠭᠯᠡᠭᠦᠯᠦᠨ ᠠᠰᠠᠭᠤᠳᠠᠯ ᠢ ᠰᠢᠢᠳᠪᠦᠷᠢᠯᠡᠵᠦ᠂ ᠳᠤᠲᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠵᠦ ᠳᠤᠲᠠᠭᠤᠳᠠᠯ ᠢᠶᠠᠨ ᠨᠥᠬᠦᠪᠥᠷᠢᠯᠡᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠰᠡᠳᠬᠢᠯᠬᠡ ᠪᠣᠯᠤᠨ ᠲᠤᠯᠭᠠᠮ ᠰᠡᠳᠬᠢᠯᠬᠡ ᠪᠠᠷ ᠵᠡᠭᠦᠨ ᠬᠡᠰᠡᠭ ᠤᠨ ᠠᠶᠢᠮᠠᠭ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠸᠠᠩ ᠯᠢ ᠰᠢᠶᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠤᠯᠤᠰ ᠠᠴᠠ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠶᠡᠭᠡ ᠲᠡᠦᠬᠡᠨ ᠠᠵᠠ ᠲᠣᠬᠢᠶᠠᠯ ᠢ ᠪᠠᠲᠤ ᠡᠵᠡᠮᠳᠡᠵᠦ᠂ ᠨᠠᠩ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠵᠡᠭᠦᠨ ᠬᠡᠰᠡᠭ ᠤᠨ ᠠᠶᠢᠮᠠᠭ ᠬᠤᠲᠠ ᠶᠢᠨ ᠪᠣᠬᠢᠷᠲᠤᠯ ᠥᠬᠡᠶ ᠠᠮᠢ ᠠᠬᠤᠶ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠵᠦ᠂ ᠭᠤᠤᠯᠳᠠᠯᠭ᠎ᠠ ᠲᠠᠢ ᠬᠦᠷᠢᠶᠡᠨ ᠳᠠᠬᠢ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠨᠡ ᠬᠦ ᠨᠤᠳᠤᠭ ᠤᠷᠤᠨ ᠤ ᠪᠠᠨ ᠨᠣᠮᠢᠨ ᠨᠣᠭᠤᠭᠠᠨ᠂ ᠬᠥᠬᠡᠮᠳᠦᠭ ᠴᠡᠩᠬᠡᠷ᠂ ᠠᠷᠢᠭᠤᠨ ᠴᠡᠪᠡᠷ ᠢ ᠪᠥᠬᠦ ᠬᠦᠴᠦᠨ ᠢᠶᠠᠷ ᠢᠶᠠᠨ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ᠃ ᠪᠥᠬᠦ ᠬᠦᠷᠢᠶ᠎ᠠ ᠴᠠᠷᠠᠭ᠎ᠠ ᠪᠦᠬᠦ ᠲᠠᠯ᠎ᠠ ᠳᠤ ᠠᠩᠬᠠᠷᠤᠯ ᠢᠶᠠᠨ ᠲᠦᠪᠯᠡᠷᠡᠬᠦᠯᠵᠦ ᠪᠣᠬᠢᠷᠲᠤᠯ ᠥᠬᠡᠶ ᠪᠤᠯᠭᠠᠬᠤ ᠬᠡᠯᠪᠡᠷᠢ ᠶᠢᠨ ᠬᠤᠪᠢᠷᠠᠭᠤᠯᠤᠯᠳᠠ ᠶᠢ ᠬᠦᠭᠵᠢᠬᠦᠯᠦᠨ ᠠᠬᠢᠭᠤᠯᠵᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠡᠯ᠎ᠡ ᠵᠦᠶ᠋ᠯ ᠤᠨ ᠡᠭᠦᠷᠭᠡ ᠠᠷᠭ᠎ᠠ ᠬᠡᠮᠵᠢᠶ᠎ᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠠᠵᠤ ᠦᠶ᠋ᠯᠡᠰ ᠤᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠥᠷᠢᠯᠡᠨ ᠬᠡᠯᠬᠢᠶ᠎ᠡ ᠶᠢ ᠥᠷᠭᠡᠳᠭᠡᠬᠦ ᠶᠢ ᠬᠦᠴᠦᠲᠡᠶ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠶ᠋ᠯᠡᠰ ᠢ ᠶᠡᠭᠡ ᠪᠠᠷ ᠬᠥᠭᠵᠢᠭᠦᠯᠵᠦ᠂ ᠪᠣᠬᠢᠷᠲᠤᠯ ᠥᠬᠡᠶ ᠤᠨᠴᠠᠯᠢᠬᠳᠤ ᠳᠠᠪᠠᠭᠤᠯᠢᠭ ᠣᠲᠣ ᠦᠶ᠎ᠡ ᠶᠢᠨ ᠠᠵᠤ ᠦᠶ᠋ᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠶ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠮᠵᠢ ᠶᠢ ᠲᠦᠷᠭᠡᠳᠭᠡᠨ ᠬᠤᠪᠢᠷᠠᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠪᠠ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠬᠢᠯᠢ ᠶᠢᠨ ᠪᠣᠭᠤᠮᠲᠠ ᠶᠢᠨ ᠠᠵᠤ ᠠᠬᠤᠢ ᠪᠣᠯᠤᠨ ᠳᠣᠲᠣᠷ᠎ᠠ ᠭᠠᠵᠠᠷ ᠤᠨ ᠡᠳ᠋ᠰᠢᠭᠦᠯᠤᠨ ᠪᠤᠯᠪᠠᠰᠤᠷᠠᠭᠤᠯᠬᠤ ᠦᠢᠯᠡᠰ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ ᠶᠢᠨ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃        ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠦᠪᠯᠡᠷᠡᠬᠦᠯᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠠᠬᠢᠭᠤᠯᠤᠨ᠂ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠡᠷᠡᠭᠵᠢᠬᠦᠯᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠲᠠᠰᠤᠷᠠᠯᠳᠠ ᠦᠭᠡᠢ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ᠂ ᠬᠠᠮᠲᠤ ᠪᠠᠷ ᠪᠠᠶᠠᠵᠢᠭᠤᠯᠬᠤ ᠲᠠᠯ᠎ᠠ ᠪᠠᠷ ᠰᠢᠨ᠎ᠡ ᠠᠯᠬᠤᠮ ᠢ ᠠᠯᠬᠤᠬᠤ ᠪᠠᠷ ᠴᠢᠷᠮᠠᠶᠢᠬᠤ ᠬᠡᠷᠡᠭᠲᠡᠢ᠃ ᠠᠵᠢᠯ ᠤᠨ ᠲᠣᠭᠲᠠᠴᠠ ᠶᠢ ᠴᠢᠨᠠᠬᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠡᠭᠡᠳᠦ ᠳᠤᠤᠷᠠᠳᠤ ᠱᠠᠲᠤ ᠪᠠᠷ ᠢᠶᠠᠨ ᠬᠠᠮᠵᠢᠯᠴᠠᠵᠤ᠂ ᠳᠣᠲᠣᠭᠠᠳᠤ ᠭᠠᠳᠠᠭᠠᠳᠤ ᠬᠤᠯᠪᠣᠭᠠᠯᠠᠨ ᠬᠥᠳᠡᠯᠦᠯᠴᠡᠵᠦ᠂ ᠡᠯ᠎ᠡ ᠲᠠᠰ ᠳᠠᠪᠬᠤᠷᠭ᠎ᠠ ᠡᠯ᠎ᠡ ᠲᠠᠯ᠎ᠠ ᠶᠢᠨ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠵᠡᠭᠦᠨ ᠪᠡᠶ᠎ᠠ ᠶᠢᠨ ᠠᠶᠢᠮᠠᠭ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠤ ᠴᠢᠬᠤᠯᠠᠴᠢᠯᠠᠪᠠ᠃                ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠯᠢ ᠪᠢᠩ ᠷᠦᠩ ᠬᠤᠷᠠᠯ ᠳᠤ ᠣᠷᠣᠯᠴᠠᠵᠠᠶ᠃ ᠵᠡᠭᠦᠨ ᠪᠡᠶ᠎ᠠ ᠶᠢᠨ ᠠᠶᠢᠮᠠᠭ ᠬᠤᠲᠠ ᠶᠢᠨ ᠵᠠᠰᠠᠭ ᠤᠨ ᠣᠷᠳᠣᠨ ︵ᠵᠠᠬᠢᠷᠭ᠎ᠠ︶ ᠪᠣᠯᠤᠨ ᠮᠠᠨᠵᠤᠤᠷ ᠬᠤᠲᠠ᠂ ᠡᠷᠢᠶᠡᠨ ᠬᠤᠲᠠ ᠶᠢᠨ ᠵᠠᠰᠠᠭ ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号