ᠤᠯᠠᠭᠠᠨᠬᠠᠳᠠ ᠬᠤᠲᠠ ᠰᠢᠨ᠎ᠡ ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠥᠯᠥᠪᠵᠢᠭᠦᠯᠦᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2021/11/16
           ᠲᠦᠷᠦᠭᠦᠬᠡᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠮᠵᠢᠯᠲᠠ ᠲᠠᠢ ᠥᠨᠳᠥᠷᠯᠡᠭᠰᠡᠨ ᠪᠥᠭᠡᠳ ᠬᠤᠷᠠᠯ ᠤᠨ ᠠᠯᠪᠠᠨ ᠮᠡᠳᠡᠭᠡ ᠶᠢ ᠨᠡᠶᠢᠲᠡᠯᠡᠪᠡ᠃ ᠪᠥᠬᠦᠳᠡ ᠬᠤᠷᠠᠯ ᠤᠨ ᠠᠯᠪᠠᠨ ᠮᠡᠳᠡᠭᠡ ᠶᠢ ᠨᠡᠶᠢᠲᠡᠯᠡᠮᠡᠭᠴᠡ᠂ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠬᠠᠯᠠᠭᠤᠨ ᠲᠤᠰᠬᠠᠯ ᠭᠠᠷᠭᠠᠪᠠ᠃ ᠪᠦᠬᠦᠳᠠ ᠬᠤᠷᠠᠯ ᠤᠨ ᠵᠣᠷᠢᠭ ᠰᠠᠨᠠᠭ᠎ᠠ ᠠᠴᠠ ᠬᠦᠴᠦᠨ ᠴᠢᠳᠠᠯ ᠣᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠨᠡᠩ ᠪᠠᠲᠤᠳᠬᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠠᠰᠤᠷᠠᠯᠳᠠ ᠦᠭᠡᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ ᠪᠠ ᠰᠠᠶᠢᠲᠤᠷ ᠬᠥᠭᠵᠢᠭᠦᠯᠵᠦ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠴᠥᠬᠦᠷᠡᠰᠢ ᠦᠭᠡᠢ ᠲᠡᠮᠡᠴᠡᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠳᠤ ᠣᠷᠣᠯᠴᠠᠬᠤ ᠠᠶᠠᠨ ᠵᠠᠮ ᠳᠤ ᠪᠠᠨ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠡᠭᠦᠷᠭᠡᠯᠡᠯ ᠢ ᠭᠦᠢᠴᠡᠳᠬᠡᠨ᠎ᠡ ᠭᠡᠵᠦ ᠤᠯᠠᠨ ᠢᠶᠠᠷ ᠢᠶᠠᠨ ᠰᠠᠨᠠᠯ ᠨᠢᠭᠡᠲᠡᠢ ᠢᠯᠡᠳᠬᠡᠵᠡᠭᠡᠪᠡ᠃        ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠥᠨᠳᠥᠷᠯᠡᠭᠰᠡᠨ ᠤ ᠳᠠᠷᠠᠭ᠎ᠠ᠂ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠡᠷᠡ ᠳᠠᠷᠤᠶ ᠳᠤᠨᠢ ᠪᠥᠬᠦ ᠺᠠᠳ᠋ᠷᠴᠤᠳ ᠢᠶᠠᠨ ᠵᠣᠬᠢᠶᠠᠨ ᠪᠠᠶᠢᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ ᠶᠢ ᠰᠤᠷᠤᠯᠴᠠᠪᠠ᠃ ᠤᠯᠠᠨ ᠢᠶᠠᠷ ᠢᠶᠠᠨ ᠢᠯᠡᠷᠬᠡᠶᠢᠯᠡᠭᠰᠡᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠪᠣᠯ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠲᠠᠢ ᠬᠤᠷᠠᠯ ᠪᠣᠯᠤᠨ᠎ᠠ ᠭᠡᠵᠡᠢ᠃ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠨᠢ ︽ᠠᠷᠪᠠ ᠶᠢ ᠪᠠᠷᠢᠮᠲᠠᠯᠠᠬᠤ︾ ᠪᠠᠷ ᠨᠠᠮ ᠤᠨ ᠵᠠᠭᠤᠨ ᠵᠢᠯ ᠤᠨ ᠲᠡᠮᠡᠴᠡᠯ ᠤᠨ ᠡᠷᠬᠢᠮ ᠨᠠᠨᠳᠢᠨ ᠲᠡᠦᠬᠡᠨ ᠲᠤᠷᠰᠢᠯᠭ᠎ᠠ ᠶᠢ ᠳ᠋ᠦᠩᠨᠡᠵᠦ᠂ ︽ᠠᠷᠪᠠ ᠶᠢ ᠲᠣᠳᠣᠷᠬᠠᠶᠢᠯᠠᠬᠤ︾ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠠᠭᠤᠯᠭ᠎ᠠ ᠳᠤ ᠤᠯᠠᠮ ᠴᠢᠨᠠᠭᠰᠢᠳᠠ ᠬᠤᠷᠢᠶᠠᠩᠭᠤᠶᠢᠯᠠᠯ ᠬᠢᠵᠦ᠂ ᠰᠢᠨ᠎ᠡ ᠬᠠᠷᠠᠭᠠᠰᠤ ᠠᠴᠠ ᠡᠪ ᠬᠠᠮᠲᠤ ᠨᠠᠮ ᠤᠨ ᠲᠥᠷᠥ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮᠲᠤ ᠪᠦ᠋ᠲᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠠᠨᠢᠯᠲᠠ ᠶᠢ ᠭᠦᠨᠵᠡᠭᠡᠶᠢᠷᠡᠭᠦᠯᠵᠦ᠂ ᠮᠠᠨ ᠤ ᠨᠠᠮ ᠤᠨ ᠲᠡᠦᠬᠡ ᠶᠢᠨ ᠵᠢᠮ᠎ᠡ ᠶᠣᠰᠣ ᠶᠢ ᠴᠢᠬᠤᠯᠠᠴᠢᠯᠠᠨ ᠴᠢᠳᠠᠮᠠᠭᠠᠶ ᠬᠡᠷᠡᠭᠯᠡᠬᠦ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢ ᠬᠠᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠳᠤ ᠵᠠᠮ ᠨᠡᠭᠡᠭᠡᠬᠦ ᠢᠲᠡᠭᠡᠯ ᠪᠠ ᠡᠭᠦᠷᠭᠡᠯᠡᠯ ᠢ ᠭᠦᠢᠴᠡᠳ ᠢᠯᠡᠷᠡᠭᠦᠯᠪᠡ᠃ ︽ᠰᠢᠢᠳᠪᠦᠷᠢ︾ ᠳᠤ᠂ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ ᠪᠠᠶᠢᠷᠢ ᠰᠠᠭᠤᠷᠢ ᠶᠢ ᠲᠣᠭᠲᠠᠭᠠᠵᠤ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠲᠤᠰᠬᠠᠵᠤ᠂ ᠰᠢᠨ᠎ᠡ ᠴᠠᠭ ᠦᠶ᠎ᠡ ᠶᠢᠨ ᠨᠠᠮ ᠲᠥᠷᠥ ᠶᠢᠨ ᠠᠵᠢᠯ ᠦᠢᠯᠡᠰ ᠤᠨ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠶᠢ ᠠᠬᠢᠭᠤᠯᠬᠤ ᠳᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠭᠡᠵᠦ ᠴᠢᠬᠤᠯᠠᠴᠢᠯᠠᠪᠠ᠃        ︽ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠰᠤᠷᠤᠯᠴᠠᠬᠤ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠵᠣᠷᠢᠭ ᠰᠠᠨᠠᠭ᠎ᠠ ᠶᠢ ᠨᠡᠪᠲᠡᠷᠡᠲᠡᠯ᠎ᠡ ᠮᠡᠳᠡᠵᠦ᠂ ᠮᠥᠨ ᠴᠢᠨᠠᠷ ᠢ ᠣᠶᠢᠯᠠᠭᠠᠵᠤ᠂ ᠤᠬᠢ ᠰᠣᠳᠣ ᠶᠢ ᠨᠢ ᠡᠵᠡᠮᠰᠢᠵᠦ᠂ ᠰᠢᠨ᠎ᠡ ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠥᠯᠥᠪᠵᠢᠭᠦᠯᠦᠨ ᠠᠬᠢᠭᠤᠯᠬᠤ ᠬᠡᠷᠡᠭᠲᠡᠢ︾ ᠭᠡᠵᠦ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠹᠧᠩ ᠱᠤ᠋ ᠰᠢᠨ ᠴᠢᠬᠤᠯᠠᠴᠢᠯᠠᠬᠤ ᠳᠤ ᠪᠠᠨ᠂ ᠪᠥᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠧᠮ ᠤᠨ ᠺᠠᠳ᠋ᠷᠴᠤᠳ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠭᠦᠢᠴᠡᠳᠬᠡᠵᠦ᠂ ᠨᠠᠮ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠥᠬᠦ ᠲᠠᠯ᠎ᠠ ᠪᠠᠷ ᠣᠯᠤᠭᠰᠠᠨ ᠲᠤᠷᠰᠢᠯᠭ᠎ᠠ ᠶᠢ ᠰᠠᠶᠢᠲᠤᠷ ᠤᠯᠠᠮᠵᠢᠯᠠᠨ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠷᠠᠳ ᠲᠦᠮᠡᠨ ᠤ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠥᠬᠡᠶ ᠦᠷᠭᠦᠯᠵᠢᠯᠡᠨ ᠲᠡᠮᠡᠴᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号