ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/11/16
             11 ᠳ᠋ᠦ᠋ᠭᠡᠷ ᠰᠠᠷ᠎ᠠ ᠶᠢᠨ 15 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠃ ᠲᠤᠬᠠᠢ ᠶᠢᠨ ᠭᠠᠵᠠᠷ ᠤᠨ ᠲᠣᠳᠤᠯᠠᠭᠰᠠᠨ 6 ᠡᠪᠡᠳᠴᠢᠨ ᠤ ᠵᠢᠱᠢᠶ᠎ᠡ ︵ᠴᠥᠮ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠪᠤᠢ︶ ᠡᠷᠡᠭᠦᠯᠵᠢᠵᠦ ᠡᠮᠨᠡᠯᠭᠡ ᠠᠴᠠ ᠭᠠᠷᠴᠠᠢ᠃        11 ᠳ᠋ᠦ᠋ᠭᠡᠷ ᠰᠠᠷ᠎ᠠ ᠶᠢᠨ 15 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 3᠂ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 11 ︵ᠴᠥᠮ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠪᠤᠢ︶ ᠪᠠᠶᠢᠨ᠎ᠠ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠲᠤᠰᠠᠭᠠᠷᠯᠠᠵᠤ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号