ᠰᠢ ᠶᠢᠨ ᠫᠢᠩ ᠵᠢᠷᠭᠤᠳᠤᠭᠠᠷ ᠬᠤᠭᠤᠴᠠᠭᠠᠨ ᠤ ᠲᠤᠮᠳᠠᠳᠤ ᠠᠹᠷᠢᠺᠠ ᠶᠢᠨ ᠠᠷᠠᠳ ᠤᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠵᠠᠢ
ᠨᠡᠶᠢᠲᠡᠯᠡᠭᠰᠡᠨ ᠴᠠᠭ᠄
2021/11/16
           ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 15 ᠤ ᠴᠠᠬᠢᠯᠭᠠᠨ ᠮᠡᠳᠡᠭᠡ 11 ᠰᠠᠷ᠎ᠠ ᠶᠢᠨ 15 ᠤ ᠡᠳᠦᠷ᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠠᠷᠠᠳ ᠤᠨ ᠶᠠᠷᠢᠶᠠᠨ ᠤ ᠲᠠᠪᠴᠠᠩ ᠪᠡᠭᠡᠵᠢᠩ ᠳᠤ ᠶᠠᠪᠤᠭᠳᠠᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃        ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠡᠭᠡ ᠬᠥᠭᠵᠢᠯᠲᠡ ᠶᠢᠨ ᠴᠠᠭ ᠦᠶ᠎ᠡ ᠳᠤ ᠤᠷᠤᠰᠢᠵᠦ ᠪᠠᠶᠢᠬᠤ ᠪᠥᠭᠡᠳ ᠪᠠᠰᠠ ᠶᠡᠭᠡ ᠬᠤᠪᠢᠰᠤᠯᠲᠠ ᠶᠢᠨ ᠴᠠᠭ ᠦᠶ᠎ᠡ ᠳᠤ ᠤᠷᠤᠰᠢᠵᠤ ᠪᠠᠶᠢᠨ᠋᠎ᠠ᠃ ᠰᠢᠨ᠎ᠡ ᠠᠵᠠ ᠲᠣᠬᠢᠶᠠᠯ ᠪᠣᠯᠤᠨ ᠥᠷᠢᠰᠥᠯᠳᠦᠭᠡᠨ ᠤ ᠡᠮᠦᠨ᠋᠎ᠡ᠂ ᠳᠤᠮᠳᠠᠳᠤ ᠠᠹᠷᠢᠺᠠ ᠥᠩᠭᠡᠷᠡᠭᠰᠡᠨ ᠤ ᠠᠯᠢ ᠴᠦ ᠦᠶ᠎ᠡ ᠠᠴᠠ ᠢᠯᠡᠭᠦᠦ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠲᠠᠢ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠪᠠᠷᠢᠮᠲᠠᠯᠠᠨ ᠪᠠᠳᠠᠷᠠᠭᠤᠯᠵᠤ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠯ ᠴᠡᠴᠡᠭᠯᠡᠯ ᠢ ᠬᠠᠮᠲᠤ ᠪᠠᠷ ᠠᠬᠢᠭᠤᠯᠵᠤ᠂ ᠭᠠᠷ ᠬᠤᠯᠪᠣᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠱᠠᠭᠠᠷᠳᠠᠵᠤ ᠪᠠᠶᠢᠨ᠎ᠠ᠃        ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ ᠠᠹᠷᠢᠺᠠ ᠶᠢᠨ ᠠᠷᠠᠳ ᠤᠨ ᠶᠠᠷᠢᠶᠠᠨ ᠤ ᠲᠠᠪᠴᠠᠩ ᠢ ᠳᠤᠮᠳᠠᠳᠤ ᠠᠹᠷᠢᠺᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠴᠢᠩᠭᠠᠳᠬᠠᠬᠤ ᠬᠤᠯᠪᠣᠭᠠᠰᠤ᠂ ᠳᠤᠮᠳᠠᠳᠤ ᠠᠹᠷᠢᠺᠠ ᠶᠢᠨ ᠠᠷᠠᠳ ᠲᠦᠮᠡᠨ ᠤ ᠰᠡᠳᠭᠢᠯ ᠰᠠᠨᠠᠭ᠎ᠠ ᠪᠠᠨ ᠤᠯᠤᠯᠴᠠᠬᠤ ᠬᠥᠭᠦᠷᠭᠡ᠂ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠦᠢᠯᠡᠳᠦᠯᠭᠡᠵᠢᠬᠦᠯᠬᠦ ᠬᠡᠪ ᠳᠠᠭᠤᠷᠢᠶᠠᠯ ᠪᠣᠯᠭᠠᠨ ᠡᠷᠬᠢᠯᠡᠵᠦ᠂ ᠳᠤᠮᠳᠠᠳᠤ ᠠᠹᠷᠢᠺᠠ ᠶᠢᠨ ᠠᠷᠠᠳ ᠤᠨ ᠬᠤᠭᠤᠷᠣᠨᠳᠣᠬᠢ ᠨᠥᠬᠦᠷᠰᠡᠭ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠬᠠᠮᠲᠤ ᠪᠠᠷ ᠡᠭᠦᠳᠬᠦ ᠶᠢ ᠬᠦᠰᠡᠵᠦ ᠪᠠᠶᠢᠨ᠋᠎ᠠ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号