ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ ᠳᠡᠮᠵᠢᠬᠦ ᠲᠤᠰᠬᠠᠢ ᠵᠦᠢᠯ ᠤᠨ ᠲᠠᠬᠢᠨ ᠵᠢᠭᠡᠯᠡᠯᠭᠡ ᠲᠣᠬᠢᠷᠠᠭᠤᠯᠬᠤ ᠪᠠᠷ ᠲᠣᠭᠲᠠᠪᠠ
ᠨᠡᠶᠢᠲᠡᠯᠡᠭᠰᠡᠨ ᠴᠠᠭ᠄
2021/11/19
           ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠤᠯᠤᠰ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢ ᠠᠬᠢᠭᠤᠯᠬᠤ ᠲᠥᠯᠥᠪᠵᠢᠭᠦᠯᠭᠡ ᠶᠢ ᠬᠢᠨᠠᠨ ᠪᠠᠲᠤᠯᠠᠵᠤ ᠲᠣᠭᠠᠴᠢᠯᠠᠭᠰᠠᠨ ᠵᠠᠰᠠᠭ ᠤᠨ ᠣᠷᠳᠣᠨ ᠢ ᠲᠦᠷᠭᠡᠪᠴᠢᠯᠡᠨ ᠪᠠᠶᠢᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ        ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠳᠡᠮᠵᠢᠬᠦ ᠲᠤᠰᠬᠠᠶ ᠵᠦᠢᠯ ᠤᠨ ᠳᠠᠬᠢᠨ ᠵᠢᠭᠡᠯᠡᠯᠭᠡ ᠶᠢ ᠲᠣᠬᠢᠷᠠᠭᠤᠯᠵᠤ ᠪᠣᠬᠢᠷᠲᠤᠯ ᠥᠬᠡᠶ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠪᠠᠷ ᠲᠣᠭᠲᠠᠪᠠ        ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 17 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 11 ᠳ᠋ᠦ᠋ᠭᠡᠷ ᠰᠠᠷ᠎ᠠ ᠶᠢᠨ 17 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠪᠡ ᠶᠢᠨ ᠬᠤᠭᠤᠴᠠᠭᠠᠨ ᠤ ᠤᠯᠤᠰ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢ ᠠᠬᠢᠭᠤᠯᠬᠤ ᠲᠥᠯᠥᠪᠵᠢᠭᠦᠯᠭᠡ ᠶᠢ ᠬᠢᠨᠠᠨ ᠪᠠᠲᠤᠯᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ︔ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ ᠳᠡᠮᠵᠢᠬᠦ ᠲᠤᠰᠬᠠᠢ ᠵᠦᠢᠯ ᠤᠨ ᠲᠠᠬᠢᠨ ᠵᠢᠭᠡᠯᠡᠯᠭᠡ ᠶᠢ ᠲᠣᠬᠢᠷᠠᠭᠤᠯᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠪᠠᠷ ᠲᠣᠭᠲᠠᠵᠠᠢ᠃        ᠬᠤᠷᠠᠯ ᠳᠤ ᠵᠢᠭᠠᠭᠰᠠᠨ ᠨᠢ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢ ᠠᠬᠢᠭᠤᠯᠬᠤ ᠪᠣᠯ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠨᠥᠯᠥᠭᠡ ᠦᠢᠯᠡᠳᠦᠯ ᠪᠣᠯᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠲᠠᠢ ᠤᠶᠠᠯᠳᠤᠭᠤᠯᠤᠨ᠂ ᠮᠠᠨ ᠤ ᠤᠯᠤᠰ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ᠂ ᠬᠡᠷᠡᠭᠯᠡᠯᠲᠡ ᠲᠦᠷᠭᠡᠨ ᠠᠬᠢᠴᠠ ᠲᠠᠢ ᠪᠣᠯᠵᠣ᠂ ︽ᠬᠠᠮᠤᠭ ᠤᠨ ᠣᠯᠠᠨ ᠳᠤ ᠪᠠᠨ ᠨᠢᠭᠡ ᠤᠳᠠᠭ᠎ᠠ ᠭᠦᠶᠦᠬᠦ︾᠂ ︽ᠨᠢᠭᠤᠷᠳᠠᠬᠤ ᠥᠬᠡᠶ ᠪᠠᠷ ᠬᠢᠨᠠᠨ ᠵᠥᠪᠰᠢᠶᠡᠷᠡᠭᠦᠯᠬᠦ︾᠂ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠵᠡᠷᠭᠡ ᠦᠢᠯᠡᠴᠢᠯᠡᠭᠡᠨ ᠤ ᠰᠢᠨ᠎ᠡ ᠵᠠᠭᠪᠤᠷ ᠲᠠᠰᠤᠷᠠᠯᠲᠠ ᠥᠬᠡᠶ ᠢᠯᠡᠷᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠲᠥᠬᠦᠮ ᠤᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠵᠤ ᠠᠬᠤᠶᠢᠯᠠᠯ ᠤᠨ ᠬᠡᠷᠡᠭᠴᠡᠭᠡ ᠪᠠ ᠤᠯᠠᠨ ᠲᠦᠮᠡᠨ ᠤ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠳᠤ ᠬᠠᠨᠳᠤᠭᠤᠯᠤᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠠᠬᠢᠭᠤᠯᠬᠤ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠮᠵᠢ ᠶᠢ ᠲᠦᠷᠭᠡᠪᠴᠢᠯᠡᠨ ᠬᠤᠪᠢᠷᠠᠭᠤᠯᠵᠤ᠂ ᠵᠠᠬ᠎ᠠ ᠳᠡᠯᠭᠡᠭᠦᠷ ᠤᠨ ᠭᠤᠣᠯᠴᠢ ᠥᠷᠢᠰᠥᠯᠳᠦᠭᠡᠨ ᠢ ᠠᠬᠢᠭᠤᠯᠬᠤ ᠬᠡᠷᠡᠭᠲᠡᠶ᠃ ᠨᠢᠭᠡ ᠳᠤ᠂ ᠤᠯᠤᠰ ᠤᠨ ᠡᠯᠧᠺᠳ᠋ᠷᠣᠨ ᠵᠠᠰᠠᠭ ᠤᠨ ᠶᠠᠪᠤᠳᠠᠯ ᠤᠨ ᠨᠢᠭᠡᠳᠦᠯᠲᠡᠶ ᠰᠦᠯᠵᠢᠶᠡᠨ ᠤ ᠲᠣᠭᠲᠠᠯᠴᠠᠭ᠎ᠠ ᠶᠢ ᠪᠠᠶᠢᠭᠤᠯᠵᠤ᠂ ᠣᠷᠣᠨ ᠨᠤᠲᠤᠭ᠂ ᠰᠠᠯᠠᠭ᠎ᠠ ᠮᠥᠴᠢᠷ ᠤᠨ ᠡᠯ᠎ᠡ ᠲᠦᠷᠦᠯ ᠤᠨ ᠵᠠᠰᠠᠭ ᠤᠨ ᠶᠠᠪᠤᠳᠠᠯ ᠤᠨ ᠲᠤᠰᠬᠠᠶ ᠰᠦᠯᠵᠢᠶ᠎ᠡ ᠶᠢ ᠡᠯᠧᠺᠳ᠋ᠷᠣᠨ ᠵᠠᠰᠠᠭ ᠤᠨ ᠶᠠᠪᠤᠳᠠᠯ ᠤᠨ ᠨᠢᠭᠡᠳᠦᠯᠲᠡᠶ ᠰᠦᠯᠵᠢᠶ᠎ᠡ ᠳᠤ ᠨᠢᠭᠡᠳᠦᠭᠦᠯᠬᠦ ᠶᠢ ᠠᠬᠢᠭᠤᠯᠵᠤ᠂ ᠮᠡᠳᠡᠭᠡ ᠵᠠᠩᠭᠢ ᠶᠢᠨ ᠭᠠᠭᠴᠠᠭᠠᠷᠳᠠᠯ ᠢ ᠡᠪᠳᠡᠵᠦ ᠂ ᠬᠤᠯᠪᠣᠭᠠᠯᠠᠪᠠᠰᠤ ᠵᠣᠬᠢᠬᠤ ᠶᠢ ᠨᠢ ᠴᠥᠮ ᠬᠤᠯᠪᠣᠭᠠᠯᠠᠬᠤ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠬᠦ ᠬᠡᠷᠡᠭᠲᠡᠶ᠃ ᠬᠤᠶᠠᠷ ᠲᠤ᠂ ᠪᠦᠬᠦ ᠤᠯᠤᠰ ᠤᠨ ᠨᠢᠭᠡ ᠴᠤᠬᠴᠠᠵᠢᠭᠤᠯᠤᠬᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠴᠢᠳᠠᠪᠬᠢ ᠶᠢ ᠪᠠᠶᠠᠯᠢᠭᠵᠢᠭᠤᠯᠵᠤ᠂ ᠨᠢᠭᠡᠳᠦᠯᠲᠡᠢ ᠡᠯᠧᠺᠳ᠋ᠷᠣᠨ ᠦᠨᠡᠮᠯᠡᠯ ᠤᠨ ᠬᠥᠮᠥᠷᠭᠡ ᠶᠢ ᠪᠠᠶᠢᠭᠤᠯᠵᠤ᠂ ᠡᠯᠧᠺᠲᠷᠤᠨ ᠭᠡᠷ᠎ᠡ᠂ ᠲᠠᠮᠠᠭ᠎ᠠ ᠳᠠᠷᠤᠬᠤ ᠵᠡᠷᠭᠡ ᠬᠡᠷᠡᠭᠯᠡᠯᠲᠡ ᠶᠢ ᠳᠡᠯᠭᠡᠷᠡᠭᠦᠯᠵᠦ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ ᠲᠠᠯ᠎ᠠ ᠪᠠᠷ ᠨᠡᠩ ᠳᠥᠭᠦᠮ ᠳᠥᠲᠡ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠨᠡᠩ ᠤᠯᠠᠨ ᠬᠡᠷᠡᠭ ᠶᠠᠪᠤᠳᠠᠯ ᠢ ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ᠂ ᠮᠤᠵᠢ ᠠᠯᠤᠰᠯᠠᠨ ᠪᠦᠬᠦᠨ ᠢ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠤᠯᠤᠰ ᠤᠨ ᠬᠥᠮᠦᠨ ᠠᠮᠠ᠂ ᠬᠠᠤᠯᠢ ᠶᠢᠨ ᠡᠷᠬᠡᠲᠡᠨ ᠂ ᠪᠠᠶᠢᠭᠠᠯᠢ ᠶᠢᠨ ᠡᠬᠢ ᠪᠠᠶᠠᠯᠢᠭ᠂ ᠠᠵᠤ ᠠᠬᠤᠢ ᠶᠢᠨ ᠲᠤᠭ᠎ᠠ ᠪᠠᠷᠢᠮᠲᠠ ᠵᠡᠷᠭᠡ ᠰᠠᠭᠤᠷᠢ ᠮᠡᠳᠡᠭᠡ ᠵᠠᠩᠭᠢ ᠶᠢᠨ ᠬᠥᠮᠥᠷᠭᠡ ᠶᠢ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠶᠢᠭᠠᠯᠢ ᠶᠢᠨ ᠭᠠᠮᠰᠢᠭ᠂ ᠡ᠊ᠨᠳᠡᠯ ᠤᠨ ᠭᠠᠶ ᠭᠠᠮᠰᠢᠭ ᠵᠡᠷᠭᠡ ᠬᠦᠨᠳᠦ ᠶᠡᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠠᠪᠤᠴᠠ ᠳᠠᠬᠢ ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠲᠦᠷᠪᠡ ᠳᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠵᠠᠰᠠᠭ ᠤᠨ ᠶᠠᠪᠤᠳᠠᠯ ᠢ ᠢᠯᠡ ᠪᠣᠯᠭᠠᠬᠤ ᠲᠦᠷᠢᠮ ᠶᠣᠰᠣᠭᠠᠷ ᠬᠠᠤᠯᠢ ᠲᠣᠭᠲᠠᠭᠠᠯ ᠢ ᠵᠢᠷᠤᠮᠯᠠᠨ ᠨᠡᠶᠢᠭᠡᠮ ᠳᠤ ᠨᠡᠭᠡᠭᠡᠯᠲᠡ ᠬᠢᠬᠦ ᠶᠢ ᠠᠬᠢᠭᠤᠯᠵᠤ᠂ ᠠᠵᠤ ᠠᠬᠤᠶᠢᠯᠠᠯ ᠢ ᠳᠠᠩᠰᠠᠯᠠᠬᠤ ᠪᠠ ᠬᠢᠨᠠᠨ ᠬᠠᠮᠢᠶᠠᠷᠬᠤ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠵᠠᠮ ᠬᠠᠷᠢᠯᠴᠠᠭ᠎ᠠ᠂ ᠴᠠᠭ ᠠᠭᠤᠷ ᠵᠡᠷᠭᠡ ᠲᠤᠭ᠎ᠠ ᠪᠠᠷᠢᠮᠲᠠ ᠶᠢ ᠨᠡᠭᠡᠭᠡᠬᠦ ᠶᠢ ᠡᠩ ᠲᠡᠷᠢᠭᠦᠨ ᠳᠤ ᠠᠬᠢᠭᠤᠯᠬᠤ ᠬᠡᠷᠡᠭᠲᠡᠢ᠃ ᠲᠦᠷᠢᠮ ᠢ ᠲᠡᠭᠦᠯᠳᠡᠷᠵᠢᠭᠦᠯᠵᠦ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠢ᠃ ᠲᠠᠪᠤ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ ᠲᠠᠰᠢᠷᠠᠮ ᠢᠶᠠᠷ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ︾᠂ ᠢᠲᠡᠭᠡᠮᠵᠢ ᠶᠢᠨ ᠬᠢᠨᠠᠨ ᠬᠠᠮᠢᠶᠠᠷᠤᠯᠲᠠ ᠵᠡᠷᠭᠡ ᠲᠣᠭᠲᠠᠴᠠ ᠶᠢ ᠲᠡᠭᠦᠯᠳᠡᠷᠵᠢᠭᠦᠯᠵᠦ᠂ ᠢᠳᠡᠭᠡᠨ ᠤ ᠵᠦᠢᠯ ᠪᠠ ᠡᠮ ᠤᠨ ᠵᠦᠢᠯ᠂ ᠲᠠᠷᠢᠶᠠᠯᠠᠩ ᠤᠨ ᠪᠦᠲᠦᠭᠡᠭᠳᠡᠬᠦᠨ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠵᠡᠷᠭᠡ ᠶᠢᠨ ᠬᠠᠮᠵᠢᠯᠴᠠᠨ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠵᠢᠷᠭᠤᠭ᠎ᠠ ᠳᠤ᠂ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠳᠡᠰ ᠬᠤᠪᠢᠶᠠᠨ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠰᠠᠭᠤᠷᠢ ᠪᠡᠯᠡᠳᠬᠡᠮᠵᠢ ᠪᠠ ᠰᠢᠰᠲ᠋ᠧᠮ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠬᠡᠷᠡᠭᠲᠡᠢ ᠭᠡᠵᠡᠢ᠃        ᠬᠤᠷᠠᠯ ᠳᠤ ᠵᠢᠭᠠᠭᠰᠠᠨ ᠨᠢ᠂ ᠮᠠᠨ ᠤ ᠤᠯᠤᠰ ᠤᠨ ᠡᠨᠧᠷᠭᠢ ᠶᠢᠨ ᠡᠬᠢ ᠪᠠᠶᠠᠯᠢᠭ ᠨᠢ ᠨᠡᠭᠦᠷᠡᠰᠦ ᠪᠠᠷ ᠭᠤᠣᠯ ᠪᠣᠯᠭᠠᠵᠤ ᠪᠤᠢ᠂ ᠤᠯᠤᠰ ᠤᠨ ᠪᠣᠳᠠᠲᠤ ᠪᠠᠶᠢᠳᠠᠯ ᠠᠴᠠ ᠡᠭᠦᠰᠴᠦ᠂ ᠨᠡᠭᠦᠷᠡᠰᠦ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠢ ᠠᠰᠢᠭᠯᠠᠬᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠪᠣᠯᠪᠠᠰᠤᠷᠠᠩᠭᠤᠢ ᠮᠡᠷᠭᠡᠵᠢᠯ ᠢ ᠬᠤᠳᠠᠯᠳᠤᠭᠠᠴᠢᠯᠠᠨ ᠬᠡᠷᠡᠭᠯᠡᠬᠦ ᠶᠢ ᠲᠦᠷᠭᠡᠨ ᠳᠡᠯᠭᠡᠷᠡᠭᠦᠯᠬᠦ ᠬᠡᠷᠡᠭᠲᠡᠢ ᠭᠡᠵᠡᠢ᠃ ᠬᠤᠷᠠᠯ ᠳᠤ ᠡᠮᠦᠨᠡᠬᠢ ᠬᠤᠭᠤᠴᠠᠭᠠᠨ ᠳᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠮᠥᠩᠭᠦᠨ ᠭᠦᠢᠯᠭᠡᠭᠡᠨ ᠤ ᠳᠡᠮᠵᠢᠯᠭᠡ ᠶᠢᠨ ᠪᠠᠭᠠᠵᠢ ᠶᠢ ᠪᠠᠶᠢᠭᠤᠯᠤᠭᠰᠠᠨ ᠰᠠᠭᠤᠷᠢᠨ ᠳᠡᠭᠡᠷ᠎ᠡ᠂ ᠨᠡᠭᠦᠷᠡᠰᠦ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠢ ᠠᠰᠢᠭᠯᠠᠬᠤ ᠶᠢ ᠳᠡᠮᠵᠢᠬᠦ ᠲᠤᠰᠬᠠᠢ ᠵᠦᠢᠯ ᠤᠨ 2000 ᠳ᠋ᠦᠩᠰᠢᠭᠤᠷ ᠲᠥᠭᠦᠷᠢᠭ ᠤᠨ ᠲᠠᠬᠢᠨ ᠵᠢᠭᠡᠯᠡᠯᠭᠡ ᠶᠢ ᠳᠠᠬᠢᠨᠲᠠ ᠲᠣᠬᠢᠷᠠᠭᠤᠯᠵᠤ᠂ ᠲᠦᠷᠦ ᠶᠢᠨ ᠪᠤᠳᠤᠯᠭ᠎ᠠ ᠶᠢᠨ ᠬᠡᠪᠴᠢᠶᠡᠵᠢᠯ ᠢ ᠪᠦᠷᠢᠯᠳᠦᠭᠦᠯᠵᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠪᠠᠷ ᠲᠣᠭᠲᠠᠪᠠ᠃ ᠲᠤᠰ ᠤᠳᠠᠭ᠎ᠠ ᠶᠢᠨ ᠲᠣᠬᠢᠷᠠᠭᠤᠯᠤᠭᠰᠠᠨ 2000 ᠳ᠋ᠦᠩᠰᠢᠭᠤᠷ ᠲᠥᠭᠦᠷᠢᠭ ᠤᠨ ᠲᠤᠰᠬᠠᠶ ᠵᠦᠢᠯ ᠤᠨ ᠳᠠᠬᠢᠨ ᠵᠢᠭᠡᠯᠡᠯᠭᠡ ᠶᠢᠨ ᠮᠥᠩᠭᠦ ᠶᠢ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠂ ᠨᠡᠩ ᠢᠯᠡᠭᠦᠦ ᠬᠡᠷᠡᠭᠵᠢᠭᠦᠯᠵᠦ ᠪᠣᠯᠬᠤ ᠱᠠᠭᠠᠷᠳᠠᠯᠭ᠎ᠠ ᠪᠠ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ᠂ ᠨᠡᠭᠦᠷᠡᠰᠦ ᠶᠢ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠪᠣᠬᠢᠷᠲᠤᠯ ᠦᠭᠡᠢ ᠣᠶᠤᠨᠯᠢᠭ ᠢᠶᠠᠷ ᠨᠡᠭᠡᠭᠡᠨ ᠮᠠᠯᠲᠠᠬᠤ᠂ ᠨᠡᠭᠦᠷᠡᠰᠦ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠶ ᠪᠣᠯᠪᠠᠰᠤᠷᠠᠭᠤᠯᠬᠤ᠂ ᠨᠡᠭᠦᠷᠡᠰᠦ ᠴᠠᠬᠢᠯᠭᠠᠨ ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ᠂ ᠠᠵᠤ ᠦᠢᠯᠡᠳᠪᠦᠷᠢ ᠶᠢᠨ ᠠᠷᠢᠭᠤᠨ ᠴᠡᠪᠡᠷ ᠢᠶᠠᠷ ᠰᠢᠲᠠᠭᠠᠬᠤ ᠪᠠ ᠠᠷᠢᠭᠤᠨ ᠴᠡᠪᠡᠷ ᠢᠶᠠᠷ ᠢᠯᠴᠢ ᠬᠠᠩᠭᠠᠬᠤ᠂ ᠠᠷᠠᠳ ᠤᠨ ᠬᠡᠷᠡᠭᠯᠡᠭᠡᠨ ᠤ ᠠᠷᠢᠭᠤᠨ ᠴᠡᠪᠡᠷ ᠢᠶᠠᠷ ᠳᠤᠯᠠᠭᠠᠯᠠᠬᠤ᠂ ᠨᠡᠭᠦᠷᠡᠰᠦᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠨᠡᠭᠦᠷᠡᠰᠦᠨ ᠳᠠᠪᠬᠤᠷᠭ᠎ᠠ ᠶᠢᠨ ᠬᠡᠢ ᠶᠢ ᠨᠡᠭᠡᠭᠡᠨ ᠠᠰᠢᠭᠯᠠᠬᠤ ᠶᠢ ᠶᠡᠭᠡ ᠪᠠᠷ ᠠᠬᠢᠭᠤᠯᠬᠤ ᠶᠢ ᠲᠤᠰᠬᠠᠶᠢᠯᠠᠨ ᠳᠡᠮᠵᠢᠨ᠎ᠡ᠃ ᠪᠣᠳᠠᠲᠠᠶ ᠠᠷᠭ᠎ᠠ ᠨᠢ ᠭᠡᠪᠡᠯ᠂ ᠪᠥᠬᠦ ᠤᠯᠤᠰ ᠤᠨ ᠴᠢᠨᠠᠷᠲᠠᠶ ᠪᠠᠩᠬᠢ ᠨᠢ ᠳᠡᠮᠵᠢᠯᠭᠡ ᠦᠵᠡᠭᠦᠯᠬᠦ ᠬᠡᠪᠴᠢᠶᠡᠨ ᠳᠠᠬᠢ ᠪᠠᠷᠢᠮᠵᠢᠶ᠎ᠠ ᠳᠤ ᠨᠡᠶᠢᠴᠡᠭᠰᠡᠨ ᠵᠦᠢᠯᠡᠰ ᠲᠤ ᠬᠠᠷᠠᠭᠠᠯᠵᠠᠯᠲᠤ ᠵᠢᠭᠡᠯᠡᠯᠭᠡ ᠶᠢ ᠪᠡᠶ᠎ᠡ ᠪᠠᠨ ᠳᠠᠭᠠᠭᠠᠨ ᠲᠠᠯᠪᠢᠵᠤ᠂ ᠬᠦᠤ ᠮᠥᠩᠭᠦ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠲᠠᠰ ᠬᠢᠵᠠᠭᠠᠷᠯᠠᠬᠤ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠮᠡᠳᠡᠭᠦᠯᠬᠦ ᠬᠦᠤ ᠮᠥᠩᠭᠦ ᠶᠢᠨ ᠨᠣᠷᠮ᠎ᠠ ᠲᠠᠢ ᠶᠡᠭᠡ ᠲᠥᠯᠥᠪ ᠠᠳᠠᠯᠢ ᠪᠠᠶᠢᠯᠭᠠᠵᠤ᠂ ᠠᠷᠠᠳ ᠤᠨ ᠪᠠᠩᠬᠢ ᠵᠢᠭᠡᠯᠡᠯᠭᠡ ᠶᠢᠨ ᠡᠬᠡ ᠮᠥᠩᠭᠦ ᠶᠢᠨ ᠲᠡᠩᠴᠡᠭᠦᠤ ᠲᠤᠭ᠎ᠠ ᠪᠠᠷ ᠳᠠᠬᠢᠨ ᠵᠢᠭᠡᠯᠡᠯᠭᠡ ᠶᠢᠨ ᠳᠡᠮᠵᠢᠯᠭᠡ ᠬᠠᠩᠭᠠᠵᠤ ᠪᠣᠯᠤᠨ᠎ᠠ᠃ ᠡᠭᠦᠨ ᠤ ᠵᠡᠷᠭᠡ ᠳᠤ ᠬᠤᠷᠠᠯ ᠳᠤ ᠱᠠᠭᠠᠷᠳᠠᠭᠰᠠᠨ ᠨᠢ᠂ ᠲᠥᠷᠥᠯ ᠵᠦᠢᠯ ᠤᠨ ᠬᠥᠷᠥᠩᠭᠡ ᠮᠥᠩᠭᠦ ᠶᠢᠨ ᠬᠠᠷᠢᠴᠠᠯ ᠢ ᠵᠣᠬᠢᠰᠲᠠᠶ ᠪᠠᠭᠤᠷᠠᠭᠤᠯᠬᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ᠂ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠪᠠᠯᠠ ᠮᠥᠩᠭᠦ ᠶᠢᠨ ᠳᠡᠮᠵᠢᠯᠭᠡ ᠶᠢ ᠴᠢᠩᠭᠠᠳᠬᠠᠬᠤ᠂ ᠡᠯᠡᠭᠳᠡᠯ ᠢ ᠲᠦᠷᠭᠡᠪᠴᠢᠯᠡᠨ ᠪᠤᠳᠤᠬᠤ ᠵᠡᠷᠭᠡ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠰᠤᠳᠤᠯᠵᠤ᠂ ᠨᠡᠭᠦᠷᠡᠰᠦ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ ᠭᠡᠵᠡᠢ᠃        ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号