| ᠬᠤᠩᠱᠠᠨ ᠲᠣᠭᠤᠷᠢᠭ ᠤᠨ ᠰᠢᠨ᠎ᠡ ᠲᠢᠲᠡᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠲᠤᠬᠠᠢ ᠵᠠᠷᠯᠠᠯ ᠳᠤ ᠤᠶᠢᠷ᠎ᠠ ᠳᠤ ᠤᠯᠤᠰ ᠤᠨ ᠲᠤᠲᠤᠭᠠᠳᠤ ᠶᠢᠨ | ᠣᠯᠠᠨ ᠭᠠᠵᠠᠷ ᠬᠢᠵᠢᠭ ᠤᠨ ᠪᠠᠶᠢᠳᠠᠯ ᠢᠯᠡᠷᠡᠵᠦ᠂ ᠬᠢᠵᠢᠭ ᠤᠨ ᠪᠠᠶᠢᠳᠠᠯ ᠥᠷᠭᠡᠵᠢᠬᠦ ᠲᠦᠭᠰᠢᠭᠦᠷᠢ ᠠᠴᠠ ᠰᠡᠷᠭᠡᠶᠢᠯᠡᠬᠦ | ᠂ ᠦᠷᠭᠡᠨ ᠤᠯᠠᠨ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ | ᠦᠨᠡᠨᠬᠦ ᠨᠠᠶᠢᠳᠠᠪᠤᠷᠢᠵᠢᠭᠤᠯᠬᠤ ᠶᠢᠨ ᠲᠥᠯᠦᠭᠡ᠂ ᠡᠳᠦᠭᠡ ᠬᠠᠮᠢᠶ᠎ᠠ ᠪᠦᠬᠦᠢ ᠵᠦᠢᠯᠡᠰ ᠢ ᠳᠤᠤᠷ᠎ᠠ ᠮᠡᠳᠡᠭᠳᠡᠶ᠎ᠡ᠄ ᠨᠢᠭᠡ᠂ | ᠬᠢᠯᠢ ᠶᠢᠨ ᠭᠠᠳᠠᠨ᠎ᠠ᠂ ᠬᠢᠵᠢᠭ ᠤᠨ ᠪᠠᠶᠢᠳᠠᠯ ᠳᠤᠮᠳᠠ᠂ ᠦᠨᠳᠦᠷ ᠲᠦᠭᠰᠢᠭᠦᠷᠢ ᠲᠠᠢ ᠭᠠᠵᠠᠷ ᠣᠷᠤᠨ ᠠᠴᠠ ᠮᠠᠨ ᠤ | ᠲᠣᠭᠤᠷᠢᠭ ᠲᠤ ᠢᠷᠡᠭᠰᠡᠳ ᠨᠡᠶᠢᠭᠡᠮ ᠲᠣᠭᠤᠷᠢᠭ ︵ᠭᠠᠴᠠᠭ᠎ᠠ ᠲᠤᠰᠬᠤᠨ︶ ᠲᠤ ᠮᠡᠳᠡᠭᠦᠯᠦᠨ ᠳᠠᠩᠰᠠᠯᠠᠭᠤᠯᠵᠤ᠂ | ᠲᠤᠰᠠᠭᠠᠷᠯᠠᠨ ᠬᠠᠮᠢᠶᠠᠷᠬᠤ ᠬᠡᠷᠡᠭᠲᠡᠢ᠃ ᠬᠢᠵᠢᠭ ᠤᠨ ᠪᠠᠶᠢᠳᠠᠯ ᠢᠯᠡᠷᠡᠭᠰᠡᠨ ᠭᠠᠵᠠᠷ ᠢ ᠬᠠᠷᠢᠶᠠᠯᠠᠵᠤ ᠪᠠᠶᠢᠬᠤ ᠬᠤᠲᠠ᠂ | ᠳᠤᠮᠳᠠ ᠦᠨᠳᠦᠷ ᠲᠦᠭᠰᠢᠭᠦᠷᠢᠲᠦ ᠪᠤᠰᠤ ᠣᠷᠤᠨ ᠠᠴᠠ ᠢᠷᠡᠭᠰᠡᠳ 48 ᠴᠠᠭ ᠤᠨ ᠲᠤᠲᠤᠷᠠᠬᠢ ᠪᠦᠭᠡᠮ ᠬᠦᠴᠢᠯ | ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠭᠡᠷᠡᠴᠢᠯᠡᠭᠡ ᠬᠠᠩᠭᠠᠬᠤ ᠬᠡᠷᠡᠭᠲᠡᠢ᠃ ᠵᠢᠭᠤᠯᠴᠢᠯᠠᠵᠤ ᠰᠠᠭᠤᠷᠢᠰᠢᠭᠰᠠᠨ | ᠦᠩᠭᠡᠷᠡᠯᠲᠡ ᠪᠠᠨ ᠨᠢᠭᠤᠵᠤ ᠳᠠᠯᠳᠠᠯᠠᠬᠤ᠂ ᠮᠡᠳᠡᠭᠦᠯᠦᠨ ᠳᠠᠩᠰᠠᠯᠠᠭᠤᠯᠬᠤ ᠦᠭᠡᠢ᠂ ᠬᠠᠮᠢᠶ᠎ᠠ ᠪᠦᠬᠦᠢ ᠰᠡᠷᠭᠡᠶᠢᠯᠡᠨ | ᠡᠵᠡᠮᠳᠡᠬᠦ ᠠᠷᠭ᠎ᠠ ᠠᠪᠴᠠᠯ ᠢ ᠬᠡᠷᠡᠭᠵᠢᠭᠦᠯᠬᠦ ᠦᠭᠡᠢ ᠪᠠᠷ ᠲᠦᠭᠰᠢᠭᠦᠷᠢ ᠶᠢ ᠡᠭᠦᠰᠬᠡᠨ ᠳᠠᠮᠵᠢᠭᠤᠯᠬᠤ ᠪᠤᠶᠤ ᠪᠤᠰᠤᠳ | ᠬᠦᠨᠳᠦ ᠨᠤᠴᠢᠲᠠᠢ ᠥᠷ᠎ᠡ ᠳ᠋ᠦᠩ ᠠᠪᠴᠢᠷᠠᠭᠰᠠᠨ ᠪᠣᠯ ᠬᠠᠤᠯᠢ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠬᠤᠶᠠᠷ | ᠂ ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠸᠢᠺᠽᠢᠨ ᠤ ᠲᠠᠷᠢᠯᠭ᠎ᠠ ᠶᠢ ᠴᠠᠭ ᠲᠤᠬᠠᠢ ᠳᠤ ᠨᠢ ᠲᠠᠷᠢᠭᠤᠯᠵᠤ᠂ | ᠲᠠᠷᠢᠭᠤᠯᠵᠤ ᠪᠠᠷᠠᠭᠰᠠᠳ ᠴᠢᠩᠭᠠᠳᠬᠠᠬᠤ ᠲᠠᠷᠢᠯᠭ᠎ᠠ ᠶᠢ ᠴᠠᠭ ᠲᠤᠬᠠᠢ ᠳᠤ ᠨᠢ ᠬᠢᠯᠭᠡᠷᠡᠢ᠃ ᠭᠤᠷᠪᠠ᠂ ᠦᠪᠡᠷᠰᠡᠳ | ᠤᠨ ᠰᠡᠷᠭᠡᠶᠢᠯᠡᠨ ᠬᠠᠮᠠᠭᠠᠯᠠᠯᠲᠠ ᠪᠠᠨ ᠴᠢᠩᠭᠠᠳᠬᠠᠵᠤ᠂ ᠴᠢᠳᠠᠬᠤ ᠶᠢᠨ ᠲᠤᠲᠤᠷ᠎ᠠ ᠳᠤᠮᠳᠠ ᠦᠨᠳᠦᠷ ᠲᠦᠭᠰᠢᠭᠦᠷᠢᠲᠦ | ᠭᠠᠵᠠᠷ ᠤᠷᠤᠨ ᠳᠤ ᠣᠴᠢᠬᠤ ᠦᠭᠡᠢ᠂ ᠠᠮᠠᠪᠴᠢ ᠪᠠᠨ ᠳᠦᠷᠢᠮᠵᠢᠭᠦᠨ ᠵᠡᠭᠦᠵᠦ᠂ ᠭᠠᠷ ᠪᠠᠨ ᠪᠠᠶᠢᠩᠭᠤ ᠤᠭᠢᠶᠠᠵᠤ᠂ | ᠦᠷᠭᠦᠯᠵᠢ ᠰᠠᠯᠬᠢ ᠨᠡᠪᠲᠡᠷᠡᠭᠦᠯᠵᠦ᠂ ᠰᠠᠶᠢᠨ ᠡᠷᠡᠬᠦᠯ ᠬᠠᠮᠠᠭᠠᠯᠠᠯ ᠤᠨ ᠳᠠᠳᠬᠠᠯ ᠪᠠ ᠡᠷᠡᠭᠦᠯ ᠠᠮᠢᠳᠤᠷᠠᠯ ᠶᠢᠨ ᠠᠷᠭ᠎ᠠ | ᠮᠠᠶ᠋ᠢᠭ ᠢ ᠪᠦᠷᠢᠯᠳᠦᠭᠦᠯᠬᠦ ᠬᠡᠷᠡᠭᠲᠡᠢ᠃ ᠳᠦᠷᠪᠡ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ | ᠡᠯ᠎ᠡ ᠲᠦᠷᠦᠯ ᠤᠨ ᠰᠡᠷᠭᠡᠶᠢᠯᠡᠨ ᠡᠵᠡᠮᠳᠡᠭᠦ ᠠᠷᠭ᠎ᠠ ᠠᠪᠴᠠᠯ ᠳᠤ ᠢᠳᠡᠪᠬᠢᠲᠡᠢ ᠬᠠᠮᠵᠢᠯᠴᠠᠵᠤ᠂ ᠬᠢᠯᠪᠠᠷ ᠪᠤᠰᠤ ᠪᠠᠷ | ᠢᠷᠡᠭᠰᠡᠨ ᠬᠢᠵᠢᠭ ᠤᠨ ᠰᠡᠷᠭᠡᠶᠢᠯᠡᠯᠲᠡ ᠶᠢᠨ ᠦᠷ᠎ᠡ ᠪᠦᠲᠦᠭᠡᠯ ᠢ ᠪᠠᠲᠤᠵᠢᠭᠤᠯᠬᠤ ᠬᠡᠷᠡᠭᠲᠡᠢ᠃ | ᠬᠤᠩᠱᠠᠨ ᠲᠣᠭᠤᠷᠢᠭ ᠤᠨ ᠰᠢᠨ᠎ᠡ ᠲᠢᠲᠡᠮᠯᠢᠭ ᠠᠭᠤᠰᠬᠢᠨ | ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ | 2021 ᠣᠨ ᠤ 10 ᠰᠠᠷ᠎ᠠ ᠶᠢᠨ 27 ᠤ | ᠡᠳᠦᠷ |