| | 11 ᠳ᠋ᠦ᠋ᠭᠡᠷ ᠰᠠᠷ᠎ᠠ ᠶᠢᠨ 1 ᠤ ᠡᠳᠦᠷ᠂ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠨ ᠱᠣᠤ | ᠴᠦᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ | ᠬᠤᠩ ᠹᠠᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ ᠪᠦᠦ ᠰᠢᠶᠠᠨ ᠬᠤᠸᠠ ᠬᠤᠷᠠᠯ ᠢ ᠡᠷᠭᠢᠯᠡᠪᠡ᠃ | ᠬᠤᠷᠠᠯ ᠠᠴᠠ ᠱᠠᠭᠠᠷᠳᠠᠬᠤ ᠳᠤ ᠪᠠᠨ᠂ ᠶᠡᠷᠦᠩᠬᠡᠶ ᠱᠦᠵᠢ ᠰᠢ ᠶᠢᠨ ᠫᠢᠩ ᠤᠨ ︽7.1︾ ᠤ ᠴᠢᠬᠤᠯᠠ | ᠶᠠᠷᠢᠶ᠎ᠠ ᠪᠣᠯᠤᠨ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠶ | ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠦᠨᠳᠦᠰᠦᠲᠡᠨ ᠤ ᠠᠵᠢᠯ ᠤᠨ | ᠬᠤᠷᠠᠯ᠂ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠪᠣᠯᠤᠨ ᠬᠤᠷᠢᠨ ᠳᠣᠯᠣᠳᠤᠭᠠᠷ ᠤᠳᠠᠭ᠎ᠠ ᠶᠢᠨ ᠪᠥᠬᠦ | ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠲᠡᠷᠡ ᠶᠣᠰᠣᠭᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢ | ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠭᠦᠢᠴᠡᠳᠬᠡᠵᠦ᠂ ︽ | ᠤᠯᠤᠰ ᠭᠦᠷᠦᠨ ᠤ ᠵᠢᠳᠬᠦᠯᠲᠡᠳ︾ ᠢ ᠪᠠᠲᠤ ᠴᠡᠭᠡᠵᠢᠯᠡᠵᠦ᠂ ᠵᠢᠭᠠᠬᠤ ᠮᠠᠲ᠋ᠧᠷᠢᠶᠠᠯ ᠳᠤ ᠣᠷᠣᠭᠤᠯᠬᠤ᠂ | ᠬᠢᠴᠢᠶᠡᠯ ᠤᠨ ᠲᠠᠩᠬᠢᠮ ᠳᠤ ᠣᠷᠣᠭᠤᠯᠬᠤ᠂ ᠬᠦᠮᠦᠰ ᠤᠨ ᠲᠠᠷᠢᠬᠢ ᠲᠣᠯᠣᠭᠠᠶ ᠳᠤ ᠬᠠᠳᠠᠩᠰᠢᠭᠤᠯᠬᠤ ᠶᠢ ᠠᠬᠢᠭᠤᠯᠵᠤ᠂ | ᠰᠤᠷᠤᠯᠴᠠᠨ ᠲᠤᠭᠤᠰᠢᠯᠠᠭᠤᠯᠬᠤ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ | ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ | ᠶᠡᠭᠡ ᠳᠡᠭᠡᠳᠦ ᠰᠤᠷᠭᠠᠭᠤᠯᠢ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ | ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠢᠭᠡᠳᠦᠯᠲᠡᠢ ᠤᠳᠤᠷᠢᠳᠤᠭᠤᠯᠤᠨ ᠶᠡᠭᠡ ᠳᠡᠭᠡᠳᠦ | ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ | ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ | ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠶᠣᠰᠣ ᠰᠤᠷᠲᠠᠬᠤᠨ ᠢᠶᠠᠷ | ᠬᠥᠮᠥᠨ ᠢ ᠬᠥᠮᠦᠵᠢᠭᠦᠯᠬᠦ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠮᠠᠷᠺᠰ ᠤᠨ ᠦᠵᠡᠯ ᠤᠨ | ᠳᠡᠭᠡᠳᠦ ᠰᠤᠷᠭᠠᠭᠤᠯᠢ ᠶᠢᠨ ︽ᠪᠠᠶᠢᠭᠤᠯᠬᠤ ᠶᠣᠰᠣᠲᠠᠢ ᠶᠢ ᠵᠠᠪᠠᠯ ᠪᠠᠶᠢᠭᠤᠯᠬᠤ︾ ᠶᠢ ᠠᠬᠢᠭᠤᠯᠵᠤ᠂ ᠬᠢᠷᠢ | ᠲᠦᠪᠰᠢᠨ ᠢ ᠨᠢ ᠳᠡᠭᠡᠭᠰᠢᠯᠡᠭᠦᠯᠵᠦ᠂ ︽ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾ ᠤᠨ ᠬᠥᠮᠦᠨ | ᠬᠥᠮᠦᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠭᠰᠢ ᠠᠵᠢᠯᠲᠠᠨ ᠤ ᠦᠵᠡᠯ ᠰᠠᠨᠠᠭ᠎ᠠ ᠤᠯᠤᠰ | ᠲᠦᠷᠦ ᠶᠢᠨ ᠠᠵᠢᠯ ᠢ ᠭᠦᠨᠵᠡᠭᠡᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠢ ᠴᠣᠭᠴᠠᠯᠠᠨ᠂ ᠬᠥᠮᠦᠨ | ᠬᠥᠮᠦᠵᠢᠭᠦᠯᠬᠦ ᠶᠢ ᠪᠠᠷᠢᠮᠲᠠᠯᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠠᠵᠢᠯ | ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠣᠯᠤᠨ | ᠵᠠᠯᠭᠠᠮᠵᠢᠯᠠᠭᠴᠢ ᠶᠢ ᠬᠥᠮᠦᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠳᠡᠭᠡᠳᠦ ᠰᠤᠷᠭᠠᠭᠤᠯᠢ ᠪᠠ ᠰᠠᠯᠪᠤᠷᠢ ᠶᠢᠨ ᠤᠳᠤᠷᠢᠳᠬᠤ | ᠪᠠᠭ ᠲᠤ ᠰᠢᠯᠢᠳᠡᠭ ᠢ ᠨᠢ ᠰᠣᠩᠭᠤᠨ ᠴᠢᠩᠭ᠎ᠠ ᠳᠤᠬᠢᠷᠠᠭᠤᠯᠵᠤ᠂ ᠪᠠᠭᠰᠢ ᠰᠤᠷᠤᠭᠴᠢᠳ ᠤᠨ ᠨᠠᠮ ᠤᠨ ᠡᠭᠦᠷ ᠤᠨ | ᠪᠠᠶᠢᠭᠤᠯᠤᠯᠲᠠ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠪᠠ ᠵᠠᠯᠠᠭᠤ ᠰᠤᠷᠤᠭᠴᠢᠳ ᠤᠨ ᠨᠠᠮ ᠳᠤ ᠣᠷᠣᠬᠤ | ᠠᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ | ᠴᠢᠳᠠᠮᠵᠢ ᠶᠢ ᠴᠢᠩᠭᠠᠳᠬᠠᠬᠤ ᠬᠡᠷᠡᠭᠲᠡᠢ᠃ ᠬᠥᠮᠦᠨ ᠰᠣᠩᠭᠤᠬᠤ ᠪᠠ ᠬᠥᠮᠦᠨ ᠬᠡᠷᠡᠭᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠰᠢᠯᠢᠳᠡᠭ ᠵᠠᠯᠠᠭᠤ ᠺᠠᠳ᠋ᠷ ᠢ ᠬᠥᠮᠦᠵᠢᠭᠦᠯᠵᠦ ᠰᠢᠯᠢᠨ ᠰᠣᠩᠭᠤᠬᠤ ᠡᠷᠴᠢᠮ ᠢ ᠴᠢᠩᠭᠠᠷᠠᠭᠤᠯᠵᠤ᠂ | ᠴᠢᠳᠠᠪᠤᠷᠢᠲᠠᠨ ᠢ ᠬᠦᠮᠦᠵᠢᠭᠦᠯᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠴᠢᠳᠠᠪᠤᠷᠢᠲᠠᠨ ᠢ ᠬᠡᠷᠡᠭᠯᠡᠬᠦ | ᠠᠵᠢᠯ ᠢ ᠰᠠᠶᠢᠲᠤᠷ ᠠᠳᠬᠤᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠪᠣᠯᠤᠨ | ᠶᠡᠭᠡ ᠳᠡᠭᠡᠳᠦ ᠰᠤᠷᠭᠠᠭᠤᠯᠢ ᠶᠢᠨ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠦᠢᠯᠡᠴᠢᠯᠡᠬᠦ ᠬᠡᠷᠡᠭᠲᠡᠢ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠠᠵᠢᠯ ᠢ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠵᠢᠵᠢᠭ ᠶᠠᠪᠤᠳᠠᠯ ᠠᠴᠠ ᠠᠳᠬᠤᠬᠤ | ᠪᠠ ᠡᠷᠲᠡᠬᠡᠨ ᠠᠳᠬᠤᠬᠤ ᠶᠢ ᠪᠠᠷᠢᠮᠲᠠᠯᠠᠵᠤ᠂ ᠪᠦᠬᠦ ᠬᠡᠯᠬᠢᠶ᠎ᠡ ᠪᠠᠷ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠮᠤᠷ | ᠲᠣᠭᠲᠠᠭᠤᠨ ᠢ ᠬᠠᠮᠠᠭᠠᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠶᠡᠭᠡ | ᠳᠡᠭᠡᠳᠦ ᠰᠤᠷᠭᠠᠭᠤᠯᠢ ᠶᠢᠨ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ᠃ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠳᠦᠷᠢᠮᠵᠢᠭᠦᠯᠦᠯᠲᠡ ᠪᠠᠶᠢᠩᠭᠤᠵᠢᠭᠤᠯᠤᠯᠲᠠ ᠶᠢ ᠰᠠᠶᠢᠲᠤᠷ ᠠᠳᠬᠤᠵᠤ᠂ ᠢᠯᠵᠢᠷᠡᠬᠦ | ᠵᠣᠷᠢᠭ ᠦᠭᠡᠢ ᠢᠯᠵᠢᠷᠡᠵᠦ ᠴᠢᠳᠠᠬᠤ ᠦᠭᠡᠢ ᠢᠯᠵᠢᠷᠡᠬᠦ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ | ᠠᠬᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠠᠬᠢᠭᠤᠯᠬᠤ | ᠬᠡᠷᠡᠭᠲᠡᠢ᠃ | ᠬᠤᠷᠠᠯ ᠢ ᠸᠢᠳᠢᠣ᠋ ᠶᠢᠨ ᠬᠡᠯᠪᠡᠷᠢ ᠪᠠᠷ ᠡᠯ᠎ᠡ ᠠᠶᠢᠮᠠᠭ ᠬᠤᠳᠠ᠂ ᠡᠯ᠎ᠡ ᠶᠡᠭᠡ ᠳᠡᠭᠡᠳᠦ ᠰᠤᠷᠭᠠᠭᠤᠯᠢ ᠬᠦᠷᠲᠡᠯ᠎ᠡ | ᠶᠠᠪᠤᠭᠳᠠᠭᠤᠯᠪᠠ᠃ |