ᠸᠠᠩ ᠯᠢ ᠰᠢᠶᠠ ᠡᠩ ᠤᠨ ᠨᠠᠮ ᠤᠨ ᠭᠡᠰᠢᠭᠦᠨ ᠤ ᠬᠤᠪᠢ ᠪᠠᠷ ᠪᠠᠶᠢᠭ᠎ᠠ ᠨᠠᠮ ᠤᠨ ᠡᠭᠦᠷ ᠤᠨ ᠢᠶᠠᠨ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2021/11/22
           11 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠤᠨ ᠬᠠᠮᠲᠤ ᠶᠢᠨ ᠰᠤᠷᠤᠯᠴᠠᠯᠭ᠎ᠠ ᠳᠤ ᠣᠷᠣᠯᠴᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠣᠭᠤᠷᠢᠨ ᠳᠤ ᠨᠥᠬᠦᠳ ᠨᠠᠷ ᠲᠠᠢ ᠬᠠᠮᠲᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃        ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠤᠨ 13 ᠨᠠᠮ ᠤᠨ ᠭᠡᠰᠢᠭᠦᠨ ᠰᠤᠷᠤᠯᠴᠠᠭᠰᠠᠨ ᠣᠶᠢᠯᠠᠭᠠᠯᠲᠠ ᠶᠢᠨ ᠮᠠᠲ᠋ᠧᠷᠢᠶᠠᠯ ᠢᠶᠠᠨ ᠲᠤᠰᠢᠶᠠᠵᠤ᠂ ᠺᠦᠩ ᠹᠠᠨ ᠢᠦ᠋ᠢ᠂ ᠪᠠᠢ ᠮᠧᠢ᠂ ᠪᠣᠣ ᠪᠠᠶᠠᠯᠢᠭ ᠭᠤᠣᠯᠳᠠᠯᠭ᠎ᠠ ᠲᠠᠢ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ ᠨᠥᠬᠦᠳ ᠨᠡᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠲᠠᠢ ᠨᠢᠭᠲᠠ ᠤᠶᠠᠯᠳᠤᠭᠤᠯᠤᠨ᠂ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠵᠣᠷᠢᠭ ᠰᠠᠨᠠᠭᠠᠨ ᠤ ᠮᠥᠨ ᠴᠢᠨᠠᠷ ᠢ ᠣᠶᠢᠯᠠᠭᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠬᠤ᠂ ᠴᠢᠳᠠᠪᠤᠷᠢ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠬᠤ ᠵᠡᠷᠭᠡ ᠲᠠᠯ᠎ᠠ ᠪᠠᠷ ᠰᠤᠷᠤᠯᠴᠠᠬᠰᠠᠨ ᠤᠯᠤᠯᠳᠠ ᠲᠦᠷᠦᠭᠳᠡᠯ ᠢᠶᠠᠨ ᠶᠠᠷᠢᠪᠠ᠃        ᠬᠠᠮᠲᠤ ᠶᠢᠨ ᠰᠤᠷᠤᠯᠴᠠᠯᠭ᠎ᠠ ᠶᠢᠨ ᠶᠠᠪᠤᠴᠠ ᠳᠤ᠂ ᠸᠠᠩ ᠯᠢ ᠰᠢᠶᠠ ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠴᠤ᠂ ᠵᠠᠷᠢᠮ ᠬᠠᠯᠠᠮᠰᠢᠯ ᠠᠰᠠᠭᠤᠳᠠᠯ ᠤᠨ ᠲᠤᠬᠠᠢ ᠨᠥᠬᠦᠳ ᠲᠠᠢ ᠰᠠᠨᠠᠯ ᠢᠶᠠᠨ ᠰᠣᠯᠢᠯᠴᠠᠵᠤ᠂ ᠭᠦᠨᠵᠡᠭᠡᠢ ᠰᠤᠳᠤᠯᠤᠨ ᠶᠠᠷᠢᠯᠴᠠᠪᠠ᠃ ᠲᠡᠷᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠤᠨ ᠡᠮᠦᠨ᠎ᠡ ᠲᠠᠯᠪᠢᠭᠳᠠᠵᠤ ᠪᠠᠶᠢᠭ᠎ᠠ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠶᠠᠭ ᠨᠢᠭᠡ ᠨᠥᠬᠦᠷ ᠤᠨ ᠶᠠᠷᠢᠶᠠᠨ ᠳᠠᠭᠠᠨ ᠭᠡᠯᠡᠭᠰᠡᠨᠴᠢᠯᠡᠨ᠂ ᠭᠦᠨᠵᠡᠭᠡᠶ ᠰᠤᠷᠤᠯᠴᠠᠬᠰᠠᠨ ᠡᠰᠡᠬᠦ ᠨᠢ ᠠᠳᠠᠯᠢ ᠥᠬᠡᠶ ᠦᠷ᠎ᠡ ᠳ᠋ᠦᠩ ᠲᠠᠢ᠂ ᠦᠨᠡᠨ ᠣᠶᠢᠯᠠᠭᠠᠬᠰᠠᠨ ᠡᠰᠡᠬᠦ ᠨᠢ ᠠᠳᠠᠯᠢ ᠥᠬᠡᠶ ᠦᠷ᠎ᠡ ᠳ᠋ᠦᠩ ᠲᠠᠢ᠂ ᠴᠢᠳᠠᠮᠠᠭᠠᠶ ᠬᠡᠷᠡᠭᠯᠡᠭᠰᠡᠨ ᠡᠰᠡᠬᠦ ᠨᠢ ᠠᠳᠠᠯᠢ ᠥᠬᠡᠶ ᠦᠷ᠎ᠡ ᠳ᠋ᠦᠩ ᠲᠠᠢ ᠶᠤᠮ᠂ ᠡᠷᠬᠡᠪᠰᠢ ᠪᠥᠬᠦᠳᠡ ᠬᠤᠷᠠᠯ ᠤᠨ ᠵᠣᠷᠢᠭ ᠰᠠᠨᠠᠭ᠎ᠠ ᠠᠴᠠ ᠮᠠᠨ ᠤ ᠨᠠᠮ ᠭᠡᠭᠴᠢ ᠶᠠᠭᠤ ᠪᠣᠯᠬᠤ᠂ ᠶᠠᠭᠤ ᠬᠢᠬᠦ ᠭᠡᠰᠡᠨ ᠡᠨᠡ ᠬᠦ ᠦᠨᠳᠦᠰᠦᠨ ᠠᠰᠠᠭᠤᠳᠠᠯ ᠢ ᠲᠣᠳᠣᠷᠬᠠᠶ ᠣᠶᠢᠯᠠᠭᠠᠵᠤ᠂ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠶᠠᠭᠤ ᠰᠤᠷᠬᠤ᠂ ᠶᠠᠭᠤ ᠶᠢ ᠣᠶᠢᠯᠠᠭᠠᠬᠤ ᠪᠠ ᠶᠠᠭᠠᠬᠢᠵᠤ ᠬᠢᠬᠦ᠂ ᠶᠠᠭᠠᠬᠢᠵᠤ ᠰᠠᠶᠢᠲᠤᠷ ᠬᠢᠬᠦ ᠵᠡᠷᠭᠡ ᠦᠨᠳᠦᠰᠦᠨ ᠠᠰᠠᠭᠤᠳᠠᠯ ᠢ ᠲᠣᠳᠣᠷᠬᠠᠶ ᠣᠶᠢᠯᠠᠭᠠᠬᠤ ᠬᠡᠷᠡᠭᠲᠡᠶ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ᠂ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠶ ᠥᠩᠭᠡᠷᠡᠯᠲᠡ᠂ ᠴᠢᠬᠤᠯᠠ ᠶᠡᠭᠡ ᠠᠮᠵᠢᠯᠲᠠ ᠪᠦᠲᠦᠮᠵᠢ᠂ ᠴᠢᠬᠤᠯᠠ ᠶᠡᠭᠡ ᠠᠴᠢ ᠬᠤᠯᠪᠣᠭᠳᠠᠯ ᠪᠠ ᠠᠮᠵᠢᠯᠲᠠ ᠲᠠᠢ ᠲᠤᠷᠰᠢᠯᠭ᠎ᠠ ᠶᠢ ᠭᠦᠨᠵᠡᠭᠡᠶ ᠣᠶᠢᠯᠠᠭᠠᠵᠤ ᠡᠵᠡᠮᠰᠢᠵᠥ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠮᠠᠨ ᠤ ᠨᠠᠮ ᠤᠨ ᠵᠠᠭᠤᠨ ᠵᠢᠯ ᠤᠨ ᠲᠤᠷᠰᠢᠬᠢ ᠤᠭ ᠰᠠᠨᠠᠭ᠎ᠠ ᠪᠠᠨ ᠦᠯᠦ ᠬᠤᠪᠢᠷᠠᠭᠤᠯᠬᠤ᠂ ᠳᠤᠬ ᠳᠡᠮᠳᠡᠭ ᠢᠶᠠᠨ ᠦᠯᠦ ᠬᠤᠪᠢᠷᠠᠭᠤᠯᠬᠤ᠂ ᠵᠠᠮ ᠱᠤᠭᠤᠮ ᠢᠶᠠᠨ ᠦᠯᠦ ᠬᠤᠪᠢᠷᠠᠭᠤᠯᠬᠤ ᠡᠷᠡᠰ ᠪᠠᠳᠤ ᠪᠠᠷᠢᠮᠳᠠᠯᠠᠯ ᠢ ᠭᠦᠨᠵᠡᠭᠡᠶ ᠣᠶᠢᠯᠠᠭᠠᠨ ᠡᠵᠡᠮᠰᠢᠵᠤ᠂ ᠮᠠᠨ ᠤ ᠨᠠᠮ ᠤᠨ ᠵᠠᠭᠤᠨ ᠵᠢᠯ ᠤᠨ ᠲᠤᠷᠰᠢᠬᠢ ᠬᠦᠰᠡᠯᠡᠩ ᠢᠲᠡᠭᠡᠯ ᠪᠢᠰᠢᠷᠡᠯ᠂ ᠰᠢᠨᠵᠢ ᠴᠢᠨᠠᠷ ᠵᠣᠷᠢᠯᠲᠠ ᠶᠢ ᠡᠷᠡᠰ ᠰᠠᠬᠢᠬᠰᠠᠨ ᠢ ᠬᠦᠨᠵᠡᠬᠡᠢ ᠣᠶᠢᠯᠠᠭᠠᠨ ᠡᠵᠡᠮᠰᠢᠵᠤ᠂ ᠮᠠᠨ ᠤ ᠨᠠᠮ ᠤᠨ ᠵᠠᠭᠤᠨ ᠵᠢᠯ ᠤᠨ ᠲᠤᠷᠰᠢᠬᠢ ᠢᠷᠠᠭᠤ ᠠᠯᠳᠠᠷᠲᠤ ᠤᠯᠠᠮᠵᠢᠯᠠᠯ᠂ ᠰᠢᠯᠢᠳᠡᠭ ᠰᠤᠷᠲᠠᠯ ᠪᠠ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠬᠥᠮᠦᠵᠢᠭᠦᠯᠦᠨ ᠤᠯᠠᠮᠵᠢᠯᠠᠬᠰᠠᠨ ᠢ ᠬᠦᠨᠵᠡᠬᠡᠢ ᠣᠶᠢᠯᠠᠭᠠᠨ ᠡᠵᠡᠮᠰᠢᠵᠤ᠂ ᠵᠠᠭᠤᠨ ᠵᠢᠯ ᠤᠨ ᠨᠠᠮ ᠤᠨ ᠲᠡᠦᠬᠡ ᠠᠴᠠ ᠦᠵᠡᠯ ᠰᠠᠨᠠᠭᠠᠨ ᠤ ᠠᠤᠭ᠎ᠠ ᠬᠦᠴᠦᠨ ᠢ ᠨᠠᠩ ᠰᠠᠶᠢᠲᠤᠷ ᠣᠶᠢᠯᠠᠭᠠᠵᠥ᠂ ᠣᠶᠤᠨ ᠤᠬᠠᠭᠠᠨ ᠬᠦᠴᠦᠨ ᠴᠢᠳᠠᠯ ᠣᠯᠵᠥ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠠᠩ ᠡᠷᠡᠰ ᠪᠠᠲᠤ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠳᠠᠯ᠎ᠠ ᠪᠠᠷ ᠬᠦᠴᠦᠷᠬᠡᠭ ᠶᠡᠭᠡ ᠢᠲᠡᠭᠡᠯ ᠲᠠᠢ ᠪᠠᠶᠢᠵᠥ᠂ ᠨᠠᠮ ᠤᠨ ᠭᠡᠰᠢᠭᠦᠨ ᠪᠣᠯᠤᠭᠰᠠᠨ ᠳᠠᠭᠠᠨ ᠮᠠᠰᠢ ᠣᠮᠣᠭᠰᠢᠵᠤ᠂ ᠥᠴᠥᠭᠡᠳᠦᠷ ᠢᠶᠠᠨ ᠦᠯᠦ ᠮᠠᠷᠲᠠᠵᠥ᠂ ᠥᠨᠥᠳᠦᠷ ᠲᠡᠭᠡᠨ ᠦᠯᠦ ᠣᠰᠣᠯᠳᠠᠵᠤ᠂ ᠮᠠᠷᠭᠠᠰᠢ ᠪᠠᠨ ᠦᠯᠦ ᠬᠥᠰᠡᠷᠳᠡᠭᠦᠯᠤᠨ᠂ ᠨᠠᠮ ᠪᠠ ᠠᠷᠠᠳ ᠲᠦᠮᠡᠨ ᠳᠤ ᠨᠠᠩ ᠶᠡᠭᠡ ᠢᠷᠠᠭᠤ ᠠᠯᠳᠠᠷ ᠢ ᠲᠡᠮᠡᠴᠡᠨ ᠣᠯᠬᠤ ᠪᠠᠷ ᠴᠢᠷᠮᠠᠶᠢᠬᠤ ᠬᠡᠷᠡᠭᠳᠡᠢ ᠬᠡᠪᠡ᠃        ᠸᠠᠩ ᠯᠢ ᠰᠢᠶᠠ ᠪᠠᠰᠠ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠺᠠᠳ᠋ᠷ ᠤᠨ ᠡᠩᠨᠡᠭᠡ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠡᠷᠬᠢᠨ ᠤᠯᠤᠰ ᠲᠦᠷᠦ ᠶᠢᠨ ᠪᠠᠶᠢᠭᠤᠯᠤᠯᠲᠠ ᠶᠢ ᠰᠠᠶᠢᠲᠤᠷ ᠠᠳᠬᠤᠬᠤ᠂ ᠤᠯᠤᠰ ᠲᠦᠷᠦ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠲᠤᠬᠠᠢ ᠨᠦᠭᠦᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠡᠷᠡ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠶᠢᠷᠢ ᠰᠠᠭᠤᠷᠢ ᠴᠢᠬᠤᠯᠠ᠂ ᠡᠭᠦᠷᠭᠡ ᠴᠢᠳᠠᠮᠵᠢ ᠴᠢᠬᠤᠯᠠ ᠶᠤᠮ᠂ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠲᠠᠪᠤ ᠶᠢ ᠪᠠᠷᠢᠮᠲᠠᠯᠠᠬᠤ︾ ᠴᠢᠬᠤᠯᠠ ᠱᠠᠭᠠᠷᠳᠠᠯᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠤᠯᠤᠰ ᠲᠥᠷᠥ ᠶᠢᠨ ᠪᠠᠶᠢᠭᠤᠯᠤᠯᠲᠠ ᠶᠢ ᠶᠡᠷᠦᠩᠬᠡᠶᠢᠯᠡᠨ ᠵᠢᠯᠣᠭᠤᠳᠬᠤ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠭᠤᠷᠪᠠ ᠶᠢ ᠡᠷᠭᠢᠯᠡᠬᠦ︾ ︽ᠭᠤᠷᠪᠠ ᠳᠤ ᠦᠢᠯᠡᠴᠢᠯᠡᠬᠦ︾ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠠᠵᠢᠯ ᠳᠤᠮᠳᠠ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠥᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠨ ᠲᠠᠶᠢᠯᠪᠤᠷᠢᠯᠠᠬᠤ ᠬᠡᠷᠡᠭᠲᠡᠶ᠃ ᠵᠠᠯᠠᠭᠤ ᠺᠠᠳ᠋ᠷᠴᠤᠳ ᠲᠡᠷᠢᠭᠦᠨ ᠤ ᠬᠢ ᠪᠣᠯᠬᠤ᠂ ᠰᠢᠯᠢᠳᠡᠭ ᠢ ᠬᠦᠬᠡᠬᠡᠴᠡᠯᠳᠤᠬᠦ᠂ ᠨᠡᠷ᠎ᠡ ᠬᠦᠨᠳᠤ ᠪᠠᠨ ᠬᠠᠮᠠᠭᠠᠯᠠᠬᠤ ᠪᠠᠷ ᠮᠡᠷᠡᠶᠢᠨ ᠴᠢᠷᠮᠠᠶᠢᠵᠤ᠂ ᠦᠨᠡᠨᠴᠢ ᠰᠢᠳᠤᠷᠭᠤ ᠶᠢ ᠡᠷᠬᠢᠮᠯᠡᠨ᠂ ᠬᠠᠶᠢᠷ᠎ᠠ ᠰᠡᠳᠭᠢᠯᠭᠡ ᠶᠢ ᠡᠷᠬᠢᠮᠯᠡᠵᠦ᠂ ᠰᠠᠨᠠᠭ᠎ᠠ ᠠᠬᠤᠢ ᠶᠢ ᠡᠷᠬᠢᠮᠯᠡᠨ᠂ ᠬᠠᠷᠢᠭᠤᠴᠠᠯᠭ᠎ᠠ ᠡᠭᠦᠷᠭᠡᠯᠡᠯ ᠢ ᠡᠷᠬᠢᠮᠯᠡᠵᠦ᠂ ᠨᠠᠮ ᠤᠨ ᠱᠠᠭᠠᠷᠳᠠᠯᠭ᠎ᠠ ᠶᠣᠰᠣᠭᠠᠷ ᠥᠪᠡᠷ ᠢ ᠪᠠᠨ ᠳᠠᠪᠲᠠᠨ ᠪᠣᠯᠪᠠᠰᠤᠷᠠᠭᠤᠯᠵᠤ᠂ ᠥᠪᠡᠷ ᠢ ᠪᠠᠨ ᠱᠤᠭᠤᠵᠥ᠂ ᠨᠠᠮ ᠪᠠ ᠤᠯᠤᠰ᠂ ᠲᠡᠦᠬᠡ ᠪᠠ ᠴᠠᠭ ᠦᠶ᠎ᠡ ᠠᠴᠠ ᠣᠯᠭᠤᠭᠰᠠᠨ ᠬᠦᠨᠳᠦ ᠡᠭᠦᠷᠭᠡ ᠶᠢ ᠡᠭᠦᠷᠭᠡᠯᠡᠬᠦ ᠬᠡᠷᠡᠭᠲᠡᠢ ᠬᠡᠪᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号