ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2021/11/22
           11 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃        ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠠᠴᠠ ᠡᠮᠦᠨ᠎ᠡ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠭᠤᠣᠯ ᠰᠡᠳᠦᠪ ᠤᠨ ᠲᠣᠭᠤᠷᠢᠨ ᠳᠤ ᠬᠤᠪᠢ ᠬᠥᠮᠦᠨ ᠤ ᠰᠤᠷᠤᠯᠴᠠᠯᠭ᠎ᠠ ᠬᠢᠵᠦ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠪᠢᠴᠢᠪᠡ᠃ ᠬᠤᠷᠠᠯ ᠳᠡᠭᠡᠷ᠎ᠡ᠂ ᠸᠠᠩ ᠯᠢ ᠰᠢᠶᠠ᠂ ᠯᠢᠨ ᠱᠤᠤ ᠴᠦᠨ᠂ ᠮᠧᠩ ᠹᠠᠨ ᠯᠢ᠂ ᠯᠢᠦ ᠱᠤᠸᠠᠩ᠂ ᠶᠠᠩ ᠸᠧᠢ ᠳ᠋ᠦᠩ᠂ ᠳ᠋ᠤᠸᠠᠨ ᡁᠢ ᠴᠢᠶᠠᠩ᠂ ᠪᠣᠤ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠠ ᠴᠢᠩ ᠯᠸᠢ᠂ ᠮᠧᠩ ᠰᠢᠶᠠᠨ ᠳ᠋ᠦᠩ᠂ ᠨᠠᠰᠤᠨᠮᠦ᠋ᠡᠭᠭᠡ ᠤᠷᠢᠳ ᠬᠤᠵᠢᠳ ᠦᠭᠡ ᠬᠡᠯᠡᠵᠦ᠂ ᠣᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠤᠰᠤᠳ ᠪᠦᠷᠢᠯᠳᠦᠬᠦᠨ ᠪᠢᠴᠢᠭ ᠤᠨ ᠬᠡᠯᠪᠡᠷᠢ ᠪᠠᠷ ᠦᠭᠡ ᠬᠡᠯᠡᠪᠡ᠃ ᠣᠯᠠᠨ ᠢᠶᠠᠷ ᠢᠶᠠᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠭᠦᠨᠵᠡᠭᠡᠶ ᠰᠣᠯᠢᠯᠴᠠᠭᠰᠠᠨ ᠪᠥᠭᠡᠳ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠲᠤᠬᠠᠶ ᠰᠠᠨᠠᠯ ᠪᠠ ᠲᠥᠯᠥᠪᠯᠡᠭᠡ ᠪᠠᠨ ᠶᠠᠷᠢᠪᠠ᠃ ᠤᠯᠠᠨ ᠢᠶᠠᠷ ᠢᠶᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠶ᠋ᠳᠪᠦᠷᠢ︾ ᠨᠢ᠂ ᠨᠠᠮ ᠤᠨ ᠵᠠᠭᠤᠨ ᠵᠢᠯ ᠤᠨ ᠲᠡᠦᠬᠡ ᠶᠢ ᠪᠦᠬᠦ ᠲᠠᠯ᠎ᠠ ᠪᠠᠷ ᠡᠷᠭᠢᠴᠡᠭᠦᠯᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠠᠵᠢᠯ ᠦᠢᠯᠡᠰ ᠤᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠲᠡᠦᠬᠡᠲᠦ ᠴᠢᠨᠠᠷᠲᠠᠶ ᠬᠤᠪᠢᠰᠤᠯᠲᠠ ᠪᠠ ᠬᠤᠷᠠᠮᠳᠤᠭᠤᠯᠤᠭᠰᠠᠨ ᠰᠢᠨ᠎ᠡ ᠲᠤᠷᠰᠢᠯᠭ᠎ᠠ ᠶᠢ ᠭᠤᠣᠯᠳᠠᠯᠭ᠎ᠠ ᠲᠠᠢ ᠲᠣᠳᠣᠷᠬᠠᠶᠢᠯᠠᠨ ᠥᠭᠦᠯᠡᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠪᠦᠬᠦ ᠨᠠᠮ ᠢᠶᠠᠷ ᠢᠶᠠᠨ ᠤᠯᠠᠮ ᠴᠢᠨᠠᠭᠰᠢᠳᠠ ᠦᠵᠡᠯ ᠰᠠᠨᠠᠭ᠎ᠠ ᠪᠠᠨ ᠨᠢᠭᠡᠳᠭᠡᠬᠦ᠂ ᠵᠣᠷᠢᠭ ᠰᠠᠨᠠᠭ᠎ᠠ ᠪᠠᠨ ᠨᠢᠭᠡᠳᠭᠡᠬᠦ᠂ ᠠᠵᠢᠯᠯᠠᠭ᠎ᠠ ᠪᠠᠨ ᠨᠢᠭᠡᠳᠭᠡᠬᠦ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠡᠩ ᠰᠠᠶᠢᠲᠤᠷ ᠪᠠᠷᠢᠮᠲᠠᠯᠠᠨ ᠬᠥᠭᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠲᠦᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠦ ᠦᠵᠡᠵᠡᠭᠡᠪᠡ᠃ ᠤᠯᠠᠨ ᠢᠶᠠᠷ ᠢᠶᠠᠨ᠂ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠭᠦᠨᠵᠡᠭᠡᠢ ᠰᠠᠶᠢᠲᠤᠷ ᠠᠳᠬᠤᠵᠤ᠂ ᠦᠨᠡᠨ ᠬᠦ ᠰᠡᠳᠭᠢᠯ ᠵᠢᠷᠦᠬᠡᠨ ᠳᠡᠭᠡᠨ ᠬᠠᠳᠠᠩᠰᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠵᠤ᠂ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠨ ᠡᠭᠦᠳᠬᠦ ᠬᠡᠷᠡᠭᠲᠡᠢ ᠭᠡᠵᠦ ᠢᠯᠡᠳᠭᠡᠵᠡᠭᠡᠪᠡ᠃        ᠱᠢ ᠲᠠᠢ ᠹᠧᠩ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠪᠤᠯ ᠮᠠᠨ ᠤ ᠨᠠᠮ ᠤᠨ ᠲᠡᠦᠬᠡᠨ ᠳᠡᠭᠡᠷ᠎ᠡ ᠴᠢᠬᠤᠯᠠ ᠬᠥᠰᠢᠶ᠎ᠡ ᠳᠡᠮᠳᠡᠭ ᠪᠤᠯᠬᠤ ᠠᠴᠢ ᠬᠤᠯᠪᠣᠭᠳᠠᠯ ᠲᠠᠢ ᠶᠤᠮ᠂ ᠪᠦᠬᠦᠳᠠ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ᠰᠢᠢᠳᠪᠦᠷᠢ ᠪᠣᠯ ᠵᠠᠭᠤᠨ ᠵᠢᠯ ᠢ ᠡᠷᠭᠢᠴᠡᠭᠦᠯᠵᠦ᠂ ᠮᠢᠩᠭᠠᠨ ᠣᠨ ᠢ ᠪᠠᠷᠠᠯᠠᠭᠰᠠᠨ ᠲᠡᠦᠬᠡ ᠶᠢᠨ ᠲᠤᠮᠤ ᠪᠦᠲᠦᠭᠡᠯ ᠪᠣᠯᠤᠨ᠎ᠠ᠂ ᠦᠵᠡᠯ ᠰᠠᠨᠠᠭᠠᠨ ᠤ ᠠᠭᠤᠯᠤᠭᠳᠠᠬᠤᠨ᠂ ᠮᠡᠳᠡᠯᠭᠡ ᠶᠢᠨ ᠠᠭᠤᠯᠤᠭᠳᠠᠬᠤᠨ ᠮᠠᠰᠢ ᠡᠯᠪᠡᠭ ᠪᠠᠶᠠᠯᠢᠭ᠂ ᠤᠯᠤᠰ ᠲᠦᠷᠦᠴᠢ ᠴᠢᠨᠠᠷ᠂ ᠤᠨᠤᠯ ᠤᠨ ᠴᠢᠨᠠᠷ᠂ ᠪᠠᠶᠢᠯᠳᠤᠬᠤ ᠪᠤᠳᠤᠯᠭ᠎ᠠ ᠶᠢᠨ ᠴᠢᠨᠠᠷ᠂ ᠵᠢᠯᠣᠭᠤᠳᠬᠤ ᠴᠢᠨᠠᠷ ᠢᠶᠠᠷ ᠮᠠᠰᠢ ᠴᠢᠩᠭ᠎ᠠ ᠶᠤᠮ᠃ ᠪᠢᠳᠡ ᠨᠠᠮ ᠤᠨ ᠵᠠᠭᠤᠨ ᠵᠢᠯ ᠤᠨ ᠲᠡᠦᠬᠡ ᠶᠢ ᠳ᠋ᠦᠩᠨᠡᠭᠰᠡᠨ ᠰᠢᠢᠳᠪᠦᠷᠢ ᠶᠢᠨ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠳᠤ ᠶᠢᠨ ᠲᠡᠦᠬᠡᠲᠦ ᠠᠴᠢ ᠬᠤᠯᠪᠣᠭᠳᠠᠯ ᠢ ᠭᠦᠨᠵᠡᠭᠡᠢ ᠤᠢᠢᠯᠠᠭᠠᠨ ᠡᠵᠡᠮᠰᠢᠵᠤ᠂ ᠨᠠᠩ ᠥᠨᠳᠥᠷ ᠵᠣᠭᠰᠣᠴᠠ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠶᠠᠭᠤ ᠪᠣᠯᠬᠤ᠂ ᠶᠠᠭᠤ ᠬᠢᠬᠦ ᠪᠤᠢ ᠭᠡᠳᠡᠭ ᠡᠨᠡ ᠬᠦ ᠦᠨᠳᠦᠰᠦᠨ ᠠᠰᠠᠭᠤᠳᠠᠯ ᠢ ᠲᠠᠨᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠴᠢᠳᠠᠬᠤ᠂ ᠮᠠᠷᠺᠰ ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠬᠤ ᠲᠡᠦᠬᠡ ᠶᠢᠨ ᠯᠣᠭᠢᠭ᠂ ᠤᠨᠤᠯ ᠤᠨ ᠯᠣᠭᠢᠭ᠂ ᠦᠢᠯᠡᠳᠦᠯᠭᠡ ᠶᠢᠨ ᠯᠣᠭᠢᠭ ᠢ ᠨᠡᠩ ᠭᠦᠨ ᠳᠠᠪᠬᠤᠷᠭ᠎ᠠ ᠠᠴᠠ ᠡᠵᠡᠮᠳᠡᠵᠤ᠂ ᠪᠢᠳᠡᠨ ᠤ ᠶᠠᠭ ᠬᠢᠵᠦ ᠪᠠᠶᠢᠭ᠎ᠠ ᠶᠠᠪᠤᠳᠠᠯ ᠳᠠᠭᠠᠨ ᠠᠩᠬᠠᠷᠤᠯ ᠢᠶᠠᠨ ᠲᠥᠪᠯᠡᠷᠡᠭᠦᠯᠵᠤ᠂ ᠨᠠᠮ ᠤᠨ ︽ᠥᠩᠭᠡᠷᠡᠭᠰᠡᠨ ᠳᠤ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠪᠤᠢ᠂ ᠢᠷᠡᠭᠡᠳᠦᠶ ᠳᠤ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠬᠤ ᠪᠣᠶ︾ ᠭᠡᠳᠡᠭ ᠤᠨ ᠭᠤᠤᠯ ᠨᠢᠭᠤᠴᠠ ᠨᠣᠮᠧᠷ ᠢ ᠰᠠᠶᠢᠳᠤᠷ ᠰᠤᠷᠤᠯᠴᠠᠨ ᠰᠠᠶᠢᠳᠤᠷ ᠬᠡᠷᠡᠭᠯᠡᠵᠤ᠂ ᠨᠠᠩ ᠴᠤᠭ ᠪᠠᠳᠠᠷᠠᠩᠭᠤᠶ ᠳᠦᠷᠰᠦ ᠪᠠᠶᠢᠳᠠᠯ ᠢᠶᠠᠷ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠠ ᠳᠤ ᠭᠠᠪᠢᠶ᠎ᠠ ᠪᠠᠶᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃        ᠱᠢ ᠲᠠᠢ ᠹᠧᠩ᠂ ᠰᠢᠶ᠋ᠳᠪᠦᠷᠢ ᠨᠢ ᠮᠠᠨ ᠤ ᠨᠠᠮ ᠵᠠᠭᠤᠨ ᠵᠢᠯ ᠤᠨ ᠲᠣᠮᠣ ᠨᠠᠮ ᠪᠣᠯᠤᠭᠰᠠᠨ ᠤ ᠬᠤᠪᠢ ᠳᠠᠬᠢ ᠳᠡᠭᠡᠳᠦ ᠬᠡᠮᠵᠢᠶᠡᠨ ᠤ ᠲᠡᠦᠬᠡ ᠶᠢᠨ ᠢᠲᠡᠭᠡᠯ ᠢ ᠭᠦᠶ᠋ᠴᠡᠳ ᠬᠠᠷᠠᠭᠤᠯᠵᠤ᠂ ᠡᠨᠡ ᠬᠦ ᠢᠲᠡᠭᠡᠯ ᠨᠢ ᠨᠠᠮ ᠤᠨ ᠵᠠᠭᠤᠨ ᠵᠢᠯ ᠤᠨ ᠬᠠᠲᠠᠭᠤ ᠪᠡᠷᠬᠡᠰᠢᠶᠡᠯᠲᠦ ᠬᠡᠷᠡᠯ ᠰᠠᠴᠤᠷᠠᠩᠭᠤᠶ ᠠᠮᠵᠢᠯᠲᠠ ᠠᠴᠠ ᠢᠷᠡᠯᠲᠡ ᠲᠠᠢ᠂ ᠨᠠᠮ ᠤᠨ ᠵᠠᠭᠤᠨ ᠵᠢᠯ ᠤᠨ ᠬᠤᠪᠢᠷᠠᠰᠢ ᠥᠬᠡᠶ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠠᠴᠠ ᠢᠷᠡᠯᠲᠡ ᠲᠠᠢ᠂ ᠨᠠᠮ ᠤᠨ ᠵᠠᠭᠤᠨ ᠵᠢᠯ ᠤᠨ ᠠᠭᠤᠤ ᠶᠡᠭᠡ ᠦᠶ᠋ᠯᠡᠰ ᠢ ᠪᠦᠲᠦᠭᠡᠬᠦ ᠲᠡᠦᠬᠡ ᠶᠢᠨ ᠵᠠᠶᠢᠯᠠᠰᠢ ᠥᠬᠡᠶ ᠬᠠᠨᠳᠤᠰᠢ ᠠᠴᠠ ᠢᠷᠡᠯᠲᠡ ᠲᠠᠢ᠂ ᠬᠠᠯᠠᠭᠤᠨ ᠴᠢᠰᠤ ᠪᠠᠨ ᠤᠷᠤᠰᠬᠠᠵᠤ ᠪᠦᠯᠢᠶᠡᠨ ᠠᠮᠢ ᠪᠠᠨ ᠦᠷᠡᠭᠳᠡᠭᠦᠯᠦᠭᠰᠡᠨ ᠳᠠᠪᠲᠠᠯᠲᠠ᠂ ᠥᠭᠦᠵᠦ ᠰᠡᠭᠡᠬᠦ ᠶᠢᠨ ᠰᠢᠯᠭᠠᠯᠲᠠ ᠶᠢ ᠥᠩᠭᠡᠷᠡᠭᠦᠯᠦᠭᠰᠡᠨ ᠢᠲᠡᠭᠡᠯ ᠪᠣᠯᠤᠨ᠎ᠠ᠃ ᠪᠢᠳᠡ ᠰᠢᠢᠳᠪᠦᠷᠢ ᠶᠢ ᠰᠤᠷᠤᠯᠴᠠᠬᠤ ᠳᠠᠭᠠᠨ᠂ ᠵᠠᠪᠠᠯ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠶᠢᠨ ᠠᠭᠤᠤ ᠦᠢᠯᠡᠰ᠂ ᠴᠢᠬᠤᠯᠠ ᠶᠡᠭᠡ ᠠᠮᠵᠢᠯᠲᠠ ᠪᠦᠲᠦᠮᠵᠢ᠂ ᠲᠡᠦᠬᠡᠲᠦ ᠠᠴᠢ ᠬᠤᠯᠪᠣᠭᠳᠠᠯ᠂ ᠲᠡᠦᠬᠡ ᠶᠢᠨ ᠲᠤᠷᠰᠢᠯᠭ᠎ᠠ ᠠᠴᠠ ᠲᠡᠦᠬᠡ ᠶᠢᠨ ᠵᠢᠮ᠎ᠡ ᠶᠣᠰᠣ ᠶᠢ ᠲᠠᠨᠢᠵᠤ ᠡᠵᠡᠮᠰᠢᠨ᠂ ᠲᠡᠭᠦᠨ ᠳᠤ ᠠᠭᠤᠯᠤᠭᠳᠠᠵᠤ ᠪᠠᠶᠢᠭ᠎ᠠ ᠲᠡᠦᠬᠡ ᠶᠢᠨ ᠵᠠᠶᠢᠯᠠᠰᠢ ᠦᠭᠡᠢ ᠴᠢᠨᠠᠷ ᠢ ᠡᠵᠡᠮᠰᠢᠵᠦ᠂ ᠲᠡᠭᠦᠨ ᠢ ᠤᠶᠢᠯᠠᠭᠠᠬᠤ ᠪᠦᠭᠡᠳ ᠨᠡᠩ ᠴᠢᠨᠠᠭᠰᠢᠳᠠ ᠶᠤᠰᠤ ᠤᠴᠢᠷ ᠢ ᠨᠢ ᠲᠤᠭᠤᠰᠢᠳᠠᠢ ᠤᠶᠢᠯᠠᠭᠠᠵᠤ᠂ ᠲᠡᠭᠦᠨ ᠤ ᠵᠠᠶᠢᠯᠠᠰᠢ ᠦᠭᠡᠢ ᠴᠢᠨᠠᠷ ᠢ ᠤᠶᠢᠯᠠᠭᠠᠵᠤ᠂ ᠨᠡᠩ ᠡᠷᠡᠰ ᠪᠠᠲᠤ ᠲᠡᠦᠬᠡ ᠶᠢᠨ ᠢᠲᠡᠭᠡᠯ ᠢ ᠣᠯᠵᠤ ᠰᠤᠷᠬᠤ ᠬᠡᠷᠡᠭᠲᠡᠢ᠃ ᠨᠠᠮ ᠤᠨ ᠵᠠᠭᠤᠨ ᠵᠢᠯ ᠤᠨ ᠲᠡᠮᠡᠴᠡᠯ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠡᠨᠡ ᠬᠦ ᠲᠦᠢᠯ ᠤᠨ ᠶᠡᠷᠦ ᠪᠤᠰᠤ ᠶᠢᠨ ᠥᠩᠭᠡᠷᠡᠯᠲᠡ ᠶᠢ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡ᠂ ᠳᠡᠯᠡᠬᠡᠶ ᠶᠢᠨ ᠨᠡᠶᠢᠭᠡᠮ ᠵᠢᠷᠤᠮ ᠤᠨ ᠬᠥᠭᠵᠢᠯ ᠤᠨ ᠲᠡᠦᠬᠡ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠲᠡᠦᠬᠡ ᠶᠢᠨ ᠤᠷᠲᠤ ᠤᠷᠤᠰᠬᠠᠯ ᠲᠠᠢ ᠤᠶᠠᠯᠳᠤᠭᠤᠯᠤᠨ ᠲᠠᠨᠢᠵᠤ ᠪᠤᠳᠤᠯᠬᠢᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠲᠡᠦᠬᠡ ᠶᠢᠨ ᠵᠠᠶᠢᠯᠠᠰᠢ ᠦᠭᠡᠢ ᠴᠢᠨᠠᠷ ᠢ ᠭᠦᠨ ᠤᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠠᠮᠵᠢᠯᠲᠠ ᠪᠦᠲᠦᠮᠵᠢ ᠶᠢᠨ ᠲᠡᠦᠬᠡ ᠶᠢᠨ ᠵᠠᠶᠢᠯᠠᠰᠢ ᠦᠭᠡᠢ ᠴᠢᠨᠠᠷ ᠢ ᠭᠦᠨᠵᠡᠭᠡᠢ ᠤᠶᠢᠯᠠᠭᠠᠵᠤ᠂ ᠮᠠᠨ ᠤ ᠨᠠᠮ ᠤᠨ ᠲᠡᠮᠡᠴᠡᠯ ᠤᠨ ᠠᠮᠵᠢᠯᠲᠠ ᠪᠦᠲᠦᠮᠵᠢ ᠪᠠ ᠲᠡᠮᠡᠴᠡᠯ ᠤᠨ ᠵᠣᠷᠢᠭ ᠰᠠᠨᠠᠭᠠᠨ ᠤ ᠲᠤᠬᠠᠢ ᠢᠲᠡᠭᠡᠯ ᠢᠶᠠᠨ ᠦᠨᠡᠨ ᠬᠦ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠴᠢᠩᠭᠠᠳᠬᠠᠵᠤ᠂ ᠨᠠᠮ ᠠᠴᠠ ᠠᠷᠠᠳ ᠲᠦᠮᠡᠨ ᠢ ᠤᠳᠤᠷᠢᠳᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠢᠶᠠᠨ ᠴᠢᠩᠭᠠᠳᠬᠠᠵᠤ᠂ ᠡᠷᠡᠰ ᠪᠠᠲᠤ ᠲᠡᠦᠬᠡ ᠶᠢᠨ ᠢᠲᠡᠭᠡᠯ ᠢᠶᠠᠷ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠣᠯᠴᠠᠬᠤ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠶ ᠭᠡᠵᠤ ᠵᠢᠭᠠᠵᠤ ᠭᠠᠷᠭᠠᠵᠠᠢ᠃        ᠱᠢ ᠲᠠᠢ ᠹᠧᠩ᠂ ᠰᠢᠢᠳᠪᠦᠷᠢ ᠶᠢᠨ ︽ᠬᠤᠶᠠᠷ ᠢ ᠲᠣᠭᠲᠠᠭᠠᠬᠤ︾ ᠲᠤᠬᠠᠢ ᠴᠢᠬᠤᠯᠠ ᠶᠡᠭᠡ ᠤᠯᠤᠰ ᠲᠦᠷᠦ ᠶᠢᠨ ᠨᠤᠲᠠᠯᠠᠯᠲᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠲᠠᠢ ᠤᠶᠠᠯᠳᠤᠭᠤᠯᠬᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠪᠠ ᠤᠯᠤᠰ ᠤᠨ ᠠᠵᠢᠯ ᠦᠶ᠋ᠯᠡᠰ ᠤᠨ ᠣᠯᠤᠭᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ᠂ ᠡᠭᠦᠰᠦᠭᠰᠡᠨ ᠲᠡᠦᠬᠡᠲᠦ ᠴᠢᠨᠠᠷᠲᠠᠶ ᠬᠤᠪᠢᠰᠤᠯᠲᠠ ᠲᠠᠢ ᠤᠶᠠᠯᠳᠤᠭᠤᠯᠵᠤ᠂ ᠨᠠᠮ ᠠᠴᠠ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠣᠯᠬᠤ ᠪᠠᠶᠢᠷᠢ ᠰᠠᠭᠤᠷᠢ ᠶᠢ ᠲᠣᠭᠲᠠᠭᠠᠬᠤ ᠪᠣᠯ ᠴᠠᠭ ᠦᠶ᠎ᠡ ᠶᠢᠨ ᠤᠷᠢᠶᠠᠯᠠᠭ᠎ᠠ᠂ ᠲᠡᠦᠬᠡ ᠶᠢᠨ ᠰᠣᠩᠭᠤᠯᠲᠠ᠂ ᠠᠷᠠᠳ ᠤᠨ ᠰᠡᠳᠭᠢᠯ ᠤᠨ ᠬᠠᠨᠳᠤᠰᠢ ᠪᠤᠯᠬᠤ ᠶᠢ ᠨᠡᠩ ᠭᠦᠨᠵᠡᠭᠡᠢ ᠲᠠᠨᠢᠵᠤ᠂ ᠡᠨᠡ ᠪᠤᠯ ᠰᠢᠨ᠎ᠡ ᠴᠠᠭ ᠦᠶ᠎ᠡ ᠠᠴᠠ ᠨᠠᠭᠠᠰᠢᠬᠢ ᠡᠨᠡ ᠬᠦ ᠬᠡᠰᠡᠭ ᠲᠡᠦᠬᠡ ᠶᠢ ᠳ᠋ᠦᠩᠨᠡᠭᠰᠡᠨ ᠬᠠᠮᠤᠭ ᠤᠨ ᠶᠡᠭᠡ ᠤᠯᠤᠰ ᠲᠦᠷᠦ ᠶᠢᠨ ᠦᠷ᠎ᠡ ᠪᠦᠲᠦᠭᠡᠯ᠂ ᠬᠠᠮᠤᠭ ᠤᠨ ᠴᠢᠬᠤᠯᠠ ᠲᠡᠦᠬᠡᠨ ᠲᠤᠷᠰᠢᠯᠭ᠎ᠠ ᠮᠥᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠭᠡᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠡᠨ ᠬᠦ ︽ᠬᠤᠶᠠᠷ ᠢ ᠲᠣᠭᠲᠠᠭᠠᠬᠤ︾ ᠶᠢ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠪᠤᠯᠭᠠᠨ ᠬᠤᠪᠢᠷᠠᠭᠤᠯᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠢ᠂ ᠶᠡᠷᠦᠩᠬᠡᠢ ᠱᠦᠵᠢ ᠰᠢ ᠶᠢᠨ ᠫᠢᠩ ᠲᠠᠢ ᠨᠢᠭᠡᠳᠦᠯᠲᠡᠢ ᠪᠠᠶᠢᠵᠤ᠂ ᠭᠤᠣᠯᠯᠠᠭᠴᠢ ᠶᠢ ᠡᠷᠡᠰ ᠢᠲᠡᠭᠡᠬᠦ᠂ ᠭᠤᠣᠯᠯᠠᠭᠴᠢ ᠳᠤ ᠦᠨᠡᠨᠴᠢ ᠰᠢᠳᠤᠷᠭᠤ᠂ ᠭᠤᠣᠯᠯᠠᠭᠴᠢ ᠶᠢ ᠬᠠᠮᠠᠭᠠᠯᠠᠬᠤ ᠬᠡᠷᠡᠭᠳᠡᠢ᠃ ᠰᠢᠢᠳᠪᠦᠷᠢ ᠶᠢᠨ ᠴᠢᠬᠤᠯᠠ ᠶᠡᠭᠡ ᠣᠨᠤᠯ ᠤᠨ ᠬᠤᠪᠢ ᠨᠡᠮᠡᠷᠢ ᠶᠢ ᠭᠦᠨᠵᠡᠭᠡᠢ ᠤᠢᠢᠯᠠᠭᠠᠨ ᠡᠵᠡᠮᠰᠢᠵᠦ᠂ ᠰᠢᠢᠳᠪᠦᠷᠢ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠳᠠᠬᠢ ᠰᠢᠨ᠎ᠡ ᠬᠤᠷᠢᠶᠠᠩᠭᠤᠶᠢᠯᠠᠯ ᠰᠢᠨ᠎ᠡ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠡᠨᠡ ᠬᠦ ᠴᠢᠬᠤᠯᠠ ᠦᠵᠡᠯ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠲᠡᠭᠦᠨ ᠳᠤ ᠲᠤᠭᠤᠰᠢᠯᠠᠭᠳᠠᠵᠤ ᠪᠠᠶᠢᠭ᠎ᠠ ᠮᠠᠷᠺᠰ ᠤᠨ ᠦᠵᠡᠯ ᠤᠨ ᠵᠣᠭᠰᠣᠯᠲᠠ ᠦᠵᠡᠯᠲᠡ ᠠᠷᠭ᠎ᠠ ᠶᠢ ᠭᠦᠨᠵᠡᠭᠡᠢ ᠡᠵᠡᠮᠰᠢᠵᠦ᠂ ᠨᠡᠩ ᠡᠷᠡᠰ ᠪᠠᠲᠤ ᠤᠬᠠᠮᠰᠠᠷ ᠠᠴᠠ ᠪᠠᠨ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠳᠡᠢ ᠃ ᠰᠢᠢᠳᠪᠦᠷᠢ ᠶᠢᠨ ᠴᠢᠬᠤᠯᠠ ᠶᠡᠭᠡ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠢᠯᠠᠩᠭᠤᠶ᠎ᠠ ︽ᠠᠷᠪᠠᠨ ᠪᠠᠷᠢᠮᠲᠠᠯᠠᠯ︾ ᠤᠨ ᠲᠡᠦᠬᠡᠨ ᠲᠤᠷᠰᠢᠯᠭ᠎ᠠ ᠪᠠᠷ ᠪᠠᠶᠢᠳᠠᠯ ᠢ ᠵᠥᠪ ᠢᠶᠠᠷ ᠮᠠᠭᠠᠳᠯᠠᠬᠤ᠂ ᠰᠢᠨᠵᠢᠯᠡᠬᠦ ᠤᠬᠠᠭᠠᠨᠴᠢ ᠪᠠᠷ ᠢᠷᠡᠭᠡᠳᠦᠶ ᠶᠢ ᠲᠥᠰᠦᠭᠡᠯᠡᠬᠦ᠂ ᠲᠡᠦᠬᠡ ᠶᠢᠨ ᠰᠠᠨᠠᠭᠠᠴᠢᠯᠠᠭᠠᠲᠤ ᠪᠠᠶᠢᠳᠠᠯ ᠢ ᠡᠵᠡᠮᠰᠢᠬᠦ ᠴᠢᠬᠤᠯᠠ ᠦᠵᠡᠯ ᠰᠠᠨᠠᠭᠠᠨ ᠤ ᠵᠡᠪᠰᠡᠭ ᠪᠤᠯᠭᠠᠵᠤ᠂ ᠲᠡᠭᠦᠨ ᠢ ᠠᠰᠠᠭᠤᠳᠠᠯ ᠢ ᠪᠣᠳᠣᠯᠬᠢᠯᠠᠬᠤ᠂ ᠰᠢᠶ᠋ᠳᠪᠦᠷᠢ ᠲᠤᠬᠳᠠᠭᠠᠬᠤ᠂ ᠠᠵᠢᠯ ᠶᠠᠪᠤᠳᠠᠯ ᠬᠢᠬᠦ ᠴᠢᠬᠤᠯᠠ ᠵᠢᠷᠤᠮᠯᠠᠯ ᠪᠤᠯᠭᠠᠵᠤ᠂ ᠴᠢᠬᠤᠯᠠ ᠶᠡᠭᠡ ᠤᠯᠤᠰ ᠲᠥᠷᠥ ᠶᠢᠨ ᠵᠥᠪ ᠪᠤᠷᠤᠭᠤ ᠶᠢ ᠮᠠᠭᠠᠳᠯᠠᠬᠤ ᠴᠢᠬᠤᠯᠠ ᠦᠨᠳᠦᠰᠦᠯᠡᠯ ᠪᠤᠯᠭᠠᠵᠤ᠂ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠬᠤ ᠴᠢᠬᠤᠯᠠ ᠵᠢᠯᠣᠭᠤᠳᠤᠯᠭ᠎ᠠ ᠪᠣᠯᠭᠠᠨ᠂ ᠪᠦᠬᠦ ᠲᠠᠯ᠎ᠠ ᠪᠦᠬᠦ ᠬᠦᠷᠢᠶᠡᠨ ᠳᠤ ᠪᠠᠷᠢᠮᠵᠢᠶᠠᠯᠠᠨ ᠬᠠᠷᠭᠤᠭᠤᠯᠵᠤ᠂ ᠪᠦᠬᠦ ᠲᠠᠯ᠎ᠠ ᠪᠦᠬᠦ ᠬᠦᠷᠢᠶᠡᠨ ᠳᠤ ᠠᠵᠢᠯ ᠢᠶᠠᠨ ᠴᠢᠩᠭᠠᠳᠬᠠᠨ ᠰᠠᠶᠢᠵᠢᠷᠠᠭᠤᠯᠵᠤ᠂ ᠮᠠᠨ ᠤ ᠲᠥᠯᠥᠪᠵᠢᠭᠦᠯᠭᠡ ᠪᠠᠶᠢᠷᠢᠯᠠᠭᠤᠯᠤᠯᠲᠠ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠬᠠᠷᠠᠯᠲᠠ ᠡᠭᠦᠷᠭᠡ ᠶᠢᠨ ᠨᠡᠩ ᠰᠠᠶᠢᠳᠤᠷ ᠢᠶᠠᠷ ᠵᠢᠮ᠎ᠡ ᠶᠣᠰᠣᠴᠢ ᠴᠢᠨᠠᠷ ᠢ ᠡᠵᠡᠮᠳᠡᠵᠤ᠂ ᠴᠠᠭ ᠦᠶᠡᠴᠢ ᠴᠢᠨᠠᠷ ᠢ ᠢᠯᠡᠷᠡᠭᠦᠯᠦᠨ᠂ ᠪᠦᠲᠦᠭᠡᠯᠴᠢ ᠴᠢᠨᠠᠷ ᠲᠠᠢ ᠪᠠᠶᠢᠯᠭᠠᠬᠤ ᠶᠢ ᠪᠠᠳᠤᠯᠠᠬᠤ ᠬᠡᠷᠡᠭᠳᠡᠢ᠃ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ ᠠᠬᠢᠭᠤᠯᠵᠤ᠂ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠳᠠ ᠦᠭᠡᠢ ᠴᠡᠪᠡᠷᠰᠢᠭᠦᠯᠦᠨ ᠰᠡᠷᠭᠦᠭᠡᠵᠦ᠂ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号