| | 11 ᠳ᠋ᠦ᠋ᠭᠡᠷ ᠰᠠᠷ᠎ᠠ ᠶᠢᠨ 21 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ | ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠃ ᠬᠢᠯᠢ ᠶᠢᠨ ᠭᠠᠳᠠᠨ᠎ᠠ ᠠᠴᠠ | ᠣᠷᠤᠵᠤ ᠢᠷᠡᠭᠰᠡᠨ ᠲᠣᠳᠤᠯᠠᠭᠰᠠᠨ 3 ᠡᠪᠡᠳᠴᠢᠨ ᠤ ᠵᠢᠱᠢᠶ᠎ᠡ ︵ᠴᠥᠮ ᠨᠡᠶᠢᠰᠯᠡᠯ ᠤᠨ ᠣᠯᠠᠨ ᠤᠯᠤᠰ ᠤᠨ | ᠨᠢᠰᠭᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ | ᠨᠢᠰᠬᠡᠯ ᠤᠨ ᠪᠠᠭᠤᠳᠠᠯ ᠳᠤ ᠪᠠᠭᠤᠭᠰᠠᠨ︶ ᠡᠷᠡᠭᠦᠯᠵᠢᠵᠦ ᠡᠮᠨᠡᠯᠭᠡ ᠠᠴᠠ ᠭᠠᠷᠪᠠ᠃ ᠲᠤᠬᠠᠢ ᠶᠢᠨ ᠭᠠᠵᠠᠷ ᠤᠨ | ᠲᠣᠳᠤᠯᠠᠭᠰᠠᠨ 1 ᠡᠪᠡᠳᠴᠢᠨ ᠤ ᠵᠢᠱᠢᠶ᠎ᠡ ︵ᠠᠯᠠᠱᠠ ᠠᠶᠢᠮᠠᠭ ᠤᠨ ᠡᠵᠡᠨ᠎ᠡ ᠬᠤᠰᠢᠭᠤ︶ ᠡᠷᠡᠭᠦᠯᠵᠢᠵᠦ | ᠡᠮᠨᠡᠯᠭᠡ ᠠᠴᠠ ᠭᠠᠷᠴᠠᠢ᠃ | 11 ᠳ᠋ᠦ᠋ᠭᠡᠷ ᠰᠠᠷ᠎ᠠ ᠶᠢᠨ 21 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 2 ︵ᠴᠥᠮ ᠠᠯᠠᠱᠠ | ᠠᠶᠢᠮᠠᠭ ᠤᠨ ᠡᠵᠡᠨ᠎ᠡ ᠬᠤᠰᠢᠭᠤᠨ ᠳᠤ ᠪᠤᠢ︶ ᠪᠠᠶᠢᠨ᠎ᠠ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ | ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ | ᠲᠦᠪᠯᠡᠷᠡᠭᠦᠯᠦᠨ ᠲᠤᠰᠠᠭᠠᠷᠯᠠᠵᠤ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ | ᠰᠡᠷᠭᠡᠶᠢᠯᠡᠵᠦ ᠪᠠᠶᠢᠨ᠎ᠠ᠃ |