ᠤᠳᠤᠬᠠᠨ ᠳᠤ ᠤᠯᠤᠰ ᠤᠨ ᠲᠤᠲᠤᠭᠠᠳᠤ ᠶᠢᠨ ᠤᠯᠠᠨ ᠭᠠᠵᠠᠷ ᠲᠤᠳᠤᠯᠠᠭᠰᠠᠨ ᠡᠪᠡᠳᠴᠢᠨ ᠤ ᠵᠢᠱᠢᠶ᠎ᠡ ᠪᠠ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠰ ᠡᠷᠭᠢᠯᠭᠡᠨ ᠤ | ᠬᠢᠵᠢᠭ ᠤᠨ ᠪᠠᠶᠢᠳᠠᠯ ᠨᠢᠭᠡᠨᠲᠡ ᠬᠡᠳᠦᠨ ᠮᠤᠵᠢ᠂ ᠦᠪᠡᠷᠲᠡᠭᠡᠨ ᠵᠠᠰᠠᠬᠤ ᠣᠷᠤᠨ᠂ ᠬᠤᠲᠠ ᠶᠢ ᠬᠠᠮᠤᠷᠤᠨ᠂ ᠬᠢᠵᠢᠭ | ᠤᠨ ᠪᠠᠶᠢᠳᠠᠯ ᠤᠨ ᠰᠡᠷᠭᠡᠶᠢᠯᠡᠨ ᠡᠵᠡᠮᠳᠡᠯᠲᠡ ᠶᠢᠨ ᠪᠠᠶᠢᠳᠠᠯ ᠬᠦᠴᠢᠷ ᠪᠤᠳᠤᠯᠢᠶᠠᠨᠲᠠᠢ᠃ ᠢᠳᠡᠭᠡᠨ ᠤᠮᠳᠠᠭᠠᠨ ᠤ | ᠦᠢᠯᠡᠴᠢᠯᠡᠭᠡᠨ ᠤ ᠨᠢᠭᠡᠴᠡ ᠶᠢᠨ ᠬᠦᠮᠦᠨ ᠤ ᠤᠷᠤᠰᠬᠠᠯ ᠤᠨ ᠲᠠᠪᠲᠠᠮᠵᠢ ᠶᠡᠭᠡ᠂ ᠬᠢᠵᠢᠭ ᠤᠨ ᠪᠠᠶᠢᠳᠠᠯ ᠤᠨ | ᠳᠠᠮᠵᠢᠯᠲᠠ ᠶᠢᠨ ᠲᠦᠭᠰᠢᠭᠦᠷᠢ ᠨᠡᠯᠢᠶᠡᠳ ᠶᠡᠭᠡ᠂ ᠵᠠᠰᠠᠭ ᠤᠨ ᠣᠷᠳᠤᠨ ᠤ ᠰᠠᠯᠠᠭ᠎ᠠ ᠮᠦᠴᠢᠷ ᠲᠠᠢ ᠬᠠᠮᠵᠢᠯᠴᠠᠨ | ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯᠲᠡ ᠶᠢ ᠰᠠᠶᠢᠲᠤᠷ ᠬᠢᠵᠦ᠂ ᠰᠠᠶᠢᠨ ᠰᠠᠶᠢᠬᠠᠨ ᠡᠵᠡᠩᠨᠡᠯᠲᠡ ᠶᠢᠨ | ᠡᠮᠬᠢ ᠲᠢᠭᠯᠢᠮ ᠢ ᠬᠠᠮᠠᠭᠠᠯᠠᠬᠤ ᠪᠣᠯ ᠢᠳᠡᠭᠡᠨ ᠤᠮᠳᠠᠭᠠᠨ ᠤ ᠨᠢᠭᠡᠴᠡ ᠪᠦᠷᠢ ᠶᠢᠨ ᠲᠦᠯᠬᠢᠵᠦ ᠪᠣᠯᠤᠰᠢ ᠦᠭᠡᠢ | ᠬᠠᠷᠢᠭᠤᠴᠠᠯᠭ᠎ᠠ ᠮᠦᠨ᠃ ᠲᠡᠭᠡᠪᠡᠯ ᠨᠢᠭᠡᠳᠦᠭᠡᠷ ᠬᠠᠷᠢᠭᠤᠴᠠᠯᠭᠠᠲᠠᠨ ᠪᠤᠯᠤᠭᠰᠠᠨ ᠢᠳᠡᠭᠡᠨ ᠤᠮᠳᠠᠭᠠᠨ ᠤ | ᠦᠢᠯᠡᠴᠢᠯᠡᠭᠡᠨ ᠤ ᠨᠢᠭᠡᠴᠡ ᠨᠢ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯᠲᠡ ᠶᠢᠨ ᠠᠷᠭ᠎ᠠ ᠠᠪᠴᠠᠯ ᠢ ᠬᠡᠷᠬᠢᠨ | ᠨᠠᠶᠢᠳᠠᠪᠤᠷᠢᠵᠢᠭᠤᠯᠬᠤ ᠪᠤᠢ︖ ᠬᠤᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠲᠣᠪᠴᠢᠶ᠎ᠠ ᠲᠠᠨ ᠳᠤ ᠨᠠᠷᠢᠯᠢᠭ ᠲᠠᠶᠢᠯᠪᠤᠷᠢ ᠬᠢᠵᠦ ᠪᠠᠶᠢᠨ᠎ᠠ᠄ | ᠵᠤᠴᠢᠳ ᠢ ᠬᠦᠯᠢᠶᠡᠨ ᠵᠤᠴᠢᠯᠠᠬᠤ ᠰᠡᠷᠭᠡᠶᠢᠯᠡᠨ ᠡᠵᠡᠮᠳᠡᠯᠲᠡ ᠶᠢᠨ ᠠᠷᠭ᠎ᠠ ᠠᠪᠴᠠᠯ᠄ | 1.ᠰᠠᠨᠠᠭᠤᠯᠤᠮᠵᠢ᠃ ᠨᠢᠭᠡᠴᠡ ︵ᠬᠤᠭᠤᠯᠠᠨ ᠭᠡᠷ︶ ᠶᠢᠨ ᠡᠭᠦᠳᠡᠨ ᠳᠤ ᠰᠠᠨᠠᠭᠤᠯᠤᠮᠵᠢ ᠶᠢᠨ ᠫᠠᠶᠢᠰᠠ | ᠪᠤᠶᠤ ᠳᠠᠭᠤ ᠲᠤᠮᠤᠷᠠᠭᠤᠯᠤᠭᠴᠢ ᠪᠠᠷ ᠨᠡᠪᠳᠡᠷᠡᠭᠦᠯᠵᠦ᠂ ᠬᠡᠷᠡᠭᠯᠡᠭᠴᠢᠳ ᠲᠤ ᠤᠷᠤᠵᠤ ᠭᠠᠷᠬᠤ ᠳᠤ ᠪᠠᠨ ᠠᠮᠠᠪᠴᠢ | ᠪᠠᠨ ᠵᠡᠭᠦᠬᠦ᠂ ᠡᠷᠡᠭᠦᠯ ᠴᠢᠭᠢᠷᠠᠭ ᠤᠨ ᠳ᠋ᠤᠭᠠᠷ ︵ᠵᠠᠮᠨᠠᠯ ᠤᠨ ᠳ᠋ᠤᠭᠠᠷ︶ ᠢᠶᠠᠨ ᠰᠠᠶᠢᠨ ᠳᠤᠷ᠎ᠠ ᠠᠴᠠ ᠪᠠᠨ ᠭᠠᠷᠭᠠᠵᠤ | ᠪᠡᠶ᠎ᠡ ᠶᠢᠨ ᠳᠤᠯᠠᠭᠠᠨ ᠢᠶᠠᠨ ᠬᠡᠮᠵᠢᠬᠦ ᠶᠢ ᠰᠠᠨᠠᠭᠤᠯᠤᠨ᠎ᠠ᠃ | 2. ᠪᠡᠶ᠎ᠡ ᠶᠢᠨ ᠳᠤᠯᠠᠭᠠᠨ ᠢ ᠬᠡᠮᠵᠢᠬᠦ ᠭᠠᠵᠠᠷ ᠭᠠᠷᠭᠠᠨ᠎ᠠ᠃ ᠨᠢᠭᠡᠴᠡ ︵ᠬᠤᠭᠤᠯᠠᠨ ᠭᠡᠷ︶ ᠶᠢᠨ ᠡᠭᠦᠳᠡᠨ | ᠳᠤ ︽ᠡᠷᠡᠭᠦᠯ ᠴᠢᠬᠢᠷᠠᠭ ᠤᠯᠠᠭᠠᠨᠬᠠᠳᠠ︾ ᠪᠤᠶᠤ ︽ᠴᠢᠮᠡᠭᠡ ᠨᠡᠪᠲᠡᠷᠡᠯᠭᠡ ᠶᠡᠭᠡ ᠲᠤᠭ᠎ᠠ ᠪᠠᠷᠢᠮᠲᠠ ᠶᠢᠨ ᠵᠠᠮᠨᠠᠯ ᠤᠨ | ᠺᠠᠷᠲ︾ ᠤᠨ ᠬᠤᠶᠠᠷ ᠬᠡᠮᠨᠡᠯᠲᠤ ᠺᠤᠲ ᠢ ᠨᠠᠭᠠᠵᠤ᠂ ᠬᠦᠷᠦᠯᠴᠡᠬᠦ ᠦᠭᠡᠢ ᠪᠠᠷ ᠳᠤᠯᠠᠭᠠᠨ ᠢ ᠬᠡᠮᠵᠢᠬᠦ ᠲᠦᠬᠦᠭᠡᠷᠦᠮᠵᠢ | ᠂ ᠳᠠᠩᠰᠠᠯᠠᠯᠲᠠ ᠶᠢᠨ ᠳᠡᠪᠳᠡᠷ᠂ ᠠᠷᠢᠭᠤᠳᠬᠠᠯ ᠤᠨ ᠡᠳ᠋᠂ ᠪᠡᠯᠡᠳᠬᠡᠯ ᠠᠮᠠᠪᠴᠢ᠂ ᠮᠦᠷᠯᠡᠨ ᠬᠦᠯᠢᠶᠡᠬᠦ ᠳᠤ | ᠵᠤᠷᠢᠭᠤᠯᠤᠭᠰᠠᠨ ᠨᠢᠭᠡ ᠮᠧᠲᠷ ᠤᠨ ᠱᠤᠭᠤᠮ᠂ ᠲᠤᠰᠠᠭᠠᠷᠯᠠᠬᠤ ᠭᠠᠵᠠᠷ ᠭᠠᠷᠭᠠᠬᠤ ᠬᠡᠷᠡᠭᠲᠡᠢ᠃ | 3. ᠰᠢᠯᠭᠠᠨ ᠪᠠᠶᠢᠴᠠᠭᠠᠬᠤ᠂ ᠳᠠᠩᠰᠠᠯᠠᠬᠤ᠃ ᠲᠤᠰᠬᠠᠢ ᠬᠦᠮᠦᠨ ᠲᠤᠬᠢᠷᠠᠭᠤᠯᠵᠤ ᠵᠤᠴᠢᠳ ᠲᠤ ᠵᠠᠮᠴᠢᠯᠠᠨ | ︽ᠨᠢᠭᠡ ᠮᠧᠲᠷ ᠤᠨ ᠱᠤᠭᠤᠮ︾ ᠤᠨ ᠵᠠᠢ ᠶᠢ ᠪᠠᠷᠢᠮᠲᠠᠯᠠᠵᠤ᠂ ᠬᠦᠮᠦᠨ ᠬᠠᠷ᠎ᠠ ᠬᠡᠲᠦ ᠲᠦᠪᠯᠡᠷᠡᠬᠦ ᠶᠢ ᠬᠡᠷᠰᠡᠦᠯᠡᠨᠡ᠃ | ᠵᠤᠴᠢᠳ ᠤᠨ ᠡᠷᠡᠭᠦᠯ ᠴᠢᠬᠢᠷᠠᠭ ᠤᠨ ᠺᠠᠷᠲ ᠪᠠ ᠵᠠᠮᠨᠠᠯ ᠤᠨ ᠺᠠᠷᠲ ᠢ ᠪᠠᠶᠢᠴᠠᠭᠠᠨ ᠰᠢᠯᠭᠠᠨ᠎ᠠ᠃ |