ᠤᠯᠠᠭᠠᠨᠬᠠᠳᠠ ᠬᠤᠲᠠ ᠶᠢᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠨᠢ ᠠᠰᠠᠭᠤᠳᠠᠯ ᠳᠤ ᠲᠤᠬᠢᠷᠠᠭᠤᠯᠤᠨ ᠠᠷᠭ᠎ᠠ ᠪᠣᠳᠤᠯᠭ᠎ᠠ ᠬᠡᠷᠡᠭᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠵᠦ ᠪᠤᠢ
ᠨᠡᠶᠢᠲᠡᠯᠡᠭᠰᠡᠨ ᠴᠠᠭ᠄
2021/11/24
           ᠨᠢᠳᠤᠨᠤᠨ ᠠᠴᠠ ᠠᠪᠤᠭᠠᠳ᠂ ᠤᠯᠠᠭᠠᠨᠬᠠᠳᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠨᠢ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠤᠳᠠᠯᠳᠤᠭ᠎ᠠ ᠡᠵᠡᠩᠨᠡᠬᠦ ᠤᠷᠴᠢᠨ ᠢ ᠰᠢᠯᠢᠳᠡᠭᠵᠢᠭᠦᠯᠬᠦ ᠲᠤᠬᠠᠢ ᠬᠠᠮᠢᠶ᠎ᠠ ᠪᠦᠬᠦᠢ ᠴᠢᠬᠤᠯᠠ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ᠂ ᠬᠢᠨᠠᠨ ᠪᠠᠶᠢᠴᠠᠭᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠠᠯᠵᠢᠶ᠎ᠠ ᠡᠷᠬᠢᠯᠡᠨ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠬᠦ ᠴᠢᠬᠤᠯᠠ ᠶᠡᠭᠡ ᠪᠠᠶᠢᠷᠢᠰᠢᠭᠤᠯᠤᠯᠲᠠ ᠲᠠᠢ ᠤᠶᠠᠯᠳᠤᠭᠤᠯᠤᠨ᠂ ᠠᠰᠠᠭᠤᠳᠠᠯ ᠳᠤ ᠴᠢᠭᠯᠡᠭᠦᠯᠦᠨ ᠣᠨᠣᠪᠴᠢᠲᠠᠢ ᠪᠠᠷ ᠠᠷᠭ᠎ᠠ ᠪᠣᠳᠤᠯᠭ᠎ᠠ ᠬᠡᠷᠡᠭᠵᠢᠭᠦᠯᠵᠦ᠂ ᠪᠦᠬᠦ ᠬᠤᠲᠠ ᠶᠢᠨ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠬᠦ ᠠᠵᠢᠯ ᠳᠤ ᠪᠠᠲᠤᠯᠠᠭ᠎ᠠ ᠬᠠᠩᠭᠠᠵᠤ ᠪᠣᠢ᠃        2020 ᠣᠨ ᠳᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠥᠷᠨᠢᠭᠦᠯᠦᠭᠰᠡᠨ ᠨᠢᠭᠡᠳᠦᠭᠡᠷ ᠡᠭᠡᠯᠵᠢ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠪᠠᠶᠢᠴᠠᠭᠠᠨ ᠰᠤᠳᠤᠯᠤᠯᠲᠠ ᠪᠠ ᠰᠤᠷᠪᠤᠯᠵᠢᠯᠠᠬᠤ ᠠᠵᠢᠯᠯᠠᠭ᠎ᠠ ᠶᠢᠨ ᠳᠠᠷᠠᠭ᠎ᠠ᠂ ᠠᠵᠤ ᠠᠬᠤᠶᠢᠯᠠᠯ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠶᠢᠨ 59 ᠵᠤᠷᠪᠤᠰ ᠰᠠᠨᠠᠯ ᠰᠠᠨᠠᠭᠤᠯᠭ᠎ᠠ ᠪᠠ ᠲᠤᠰᠬᠠᠭᠰᠠᠨ ᠠᠰᠠᠭᠤᠳᠠᠯ ᠢ ᠡᠮᠬᠢᠯᠡᠨ ᠭᠠᠷᠭᠠᠪᠠ᠃        ᠭᠠᠭᠴᠠ ᠬᠦ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠣᠷᠣᠰᠢᠵᠤ ᠪᠠᠶᠢᠭ᠎ᠠ ᠬᠦᠴᠢᠷᠳᠡᠯ ᠠᠰᠠᠭᠤᠳᠠᠯ ᠢ ᠡᠷᠢᠵᠦ ᠣᠯᠪᠠᠯ ᠰᠠᠶ᠋ᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠦᠪ ᠴᠢᠭᠯᠡᠯ ᠢ ᠣᠯᠵᠤ ᠴᠢᠳᠠᠨ᠎ᠠ᠃ ᠡᠭᠦᠨ ᠤ ᠲᠤᠯᠠᠳᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠤᠲᠠ᠂ ᠬᠤᠰᠢᠭᠤ ᠰᠢᠶᠠᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠠᠵᠤ ᠠᠬᠤᠶᠢᠯᠠᠯ ᠲᠠᠢ ᠬᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠤᠯᠠᠷᠢᠯ ᠪᠦᠷᠢ ᠳᠠᠭᠠᠭᠠᠴᠢᠯᠠᠨ ᠬᠠᠷᠢᠯᠴᠠᠬᠤ ᠠᠵᠤ ᠠᠬᠤᠶᠢᠯᠠᠯ ᠳᠤ ᠬᠦᠷᠴᠦ ᠲᠣᠭᠤᠷᠢᠨ ᠦᠵᠡᠵᠦ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠠ ᠰᠠᠨᠠᠯ ᠰᠠᠨᠠᠭᠤᠯᠭ᠎ᠠ ᠶᠢ ᠰᠣᠨᠣᠰᠤᠨ ᠴᠤᠭᠯᠠᠭᠤᠯᠪᠠ᠃ ᠡᠨᠡ ᠵᠢᠯ᠂ ᠪᠦᠬᠦ ᠬᠤᠲᠠ ᠶᠢᠨ ᠬᠡᠪᠴᠢᠶᠡᠨ ᠳᠤ 165 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠰᠣᠩᠭᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠣᠨ ᠤ ᠬᠢᠨᠠᠨ ᠬᠡᠮᠵᠢᠬᠦ ᠴᠡᠭ ᠪᠣᠯᠭᠠᠵᠤ᠂ ᠠᠰᠠᠭᠤᠳᠠᠯ ᠳᠤ ᠰᠢᠭᠤᠳ ᠮᠡᠳᠡᠭᠦᠯᠬᠦ ᠡᠷᠬᠡ ᠣᠯᠭᠤᠵᠤ᠂ ᠬᠢᠨᠠᠯᠲᠠ ᠲᠠᠯᠪᠢᠯᠲᠠ ᠶᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠨᠢᠭᠡᠳᠦᠭᠡᠷ ᠹᠷᠣᠨᠲ ᠲᠤ ᠰᠢᠭᠤᠳ ᠬᠦᠷᠭᠡᠪᠡ᠃ ᠡᠨᠡ ᠵᠢᠯ ᠠᠴᠠ ᠨᠠᠭᠠᠰᠢ᠂ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠳᠠᠭᠠᠭᠠᠴᠢᠯᠠᠨ ᠬᠠᠷᠢᠯᠴᠠᠬᠤ 136 ᠠᠵᠤ ᠠᠬᠤᠶᠢᠯᠠᠯ ᠢ ᠪᠠᠶᠢᠴᠠᠭᠠᠨ ᠰᠤᠳᠤᠯᠵᠤ ᠰᠤᠷᠪᠤᠯᠵᠢᠯᠠᠨ᠂ 62 ᠵᠤᠷᠪᠤᠰ ᠰᠠᠨᠠᠯ ᠰᠠᠨᠠᠭᠤᠯᠭ᠎ᠠ ᠬᠤᠷᠢᠶᠠᠨ ᠤᠯᠤᠭᠰᠠᠨ ᠪᠠᠶᠢᠨ᠎ᠠ᠃        ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠶ ᠣᠶᠢᠯᠠᠭᠠᠭᠰᠠᠨ ᠤ ᠳᠠᠷᠠᠭ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠦᠷᠢᠶᠡᠨ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠠᠪᠤᠴᠠ ᠳᠠᠬᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠭᠰᠠᠨ ᠥᠬᠡᠶ ᠵᠡᠷᠭᠡ 9 ᠲᠠᠯ᠎ᠠ ᠶᠢᠨ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠰᠠᠭᠤᠳᠠᠯ ᠪᠠ 4 ᠬᠦᠷᠢᠶᠡᠨ ᠤ ᠭᠤᠤᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠬᠦ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠦᠯᠵᠢᠶᠡᠨ ᠥᠷᠲᠡᠭᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠳᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠵᠠᠬᠢᠳᠠᠯ ᠰᠤᠷᠪᠤᠯᠵᠢᠯᠠᠭ᠎ᠠ ᠢᠯᠡᠴᠢᠯᠡᠨ ᠮᠡᠳᠡᠭᠦᠯᠬᠦ ᠠᠯᠪᠠᠨ ᠵᠠᠷ ᠨᠡᠶᠢᠲᠡᠯᠡᠵᠦ᠂ ᠠᠰᠠᠭᠤᠳᠠᠯ ᠤᠨ ᠰᠦᠪᠡᠭᠴᠢ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠥᠷᠭᠡᠳᠬᠡᠪᠡ᠃        ᠡᠭᠦᠨ ᠤ ᠬᠠᠮᠲᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ ᠲᠥᠰᠦᠯ ᠢ ᠲᠣᠭᠲᠠᠭᠠᠵᠤ᠂ ︽ᠲᠡᠭᠦᠰᠬᠡᠯ ᠤᠨ ᠠᠵᠢᠯ ᠤᠨ ᠠᠷᠭ᠎ᠠ︾ ᠶᠢ ᠭᠦᠢᠴᠡᠳ ᠬᠡᠷᠡᠭᠯᠡᠨ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ ᠴᠢᠳᠠᠪᠤᠷᠢᠲᠠᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠭᠤᠤᠯᠳᠠᠯᠭ᠎ᠠ ᠲᠠᠢ ᠰᠠᠯᠠᠭ᠎ᠠ ᠮᠥᠴᠢᠷ᠂ ᠴᠢᠬᠤᠯᠠ ᠠᠵᠢᠯ ᠤᠨ ᠪᠠᠶᠢᠷᠢ᠂ ᠵᠠᠩᠭᠢᠯᠠᠭ᠎ᠠ ᠶᠢᠨ ᠭᠤᠭᠴᠤᠭ᠎ᠠ ᠪᠠ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠡᠯ᠎ᠡ ᠬᠤᠰᠢᠭᠤ ᠰᠢᠶᠠᠨ ᠪᠠ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠪᠠᠶᠢᠳᠠᠯ ᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠪᠠ᠃ ᠡᠨᠡ ᠵᠢᠯ ᠠᠴᠠ ᠨᠠᠭᠠᠰᠢ᠂ ᠬᠤᠲᠠ᠂ ᠰᠢᠶᠠᠨ ᠬᠤᠰᠢᠭᠤ ᠲᠣᠭᠤᠷᠢᠭ ᠬᠤᠶᠠᠷ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ 63 ᠤᠳᠠᠭ᠎ᠠ ᠬᠢᠨᠠᠨ ᠵᠢᠯᠣᠭᠤᠳᠴᠤ ᠪᠠᠶᠢᠴᠠᠭᠠᠨ᠂ 491 ᠰᠠᠯᠠᠭ᠎ᠠ ᠮᠥᠴᠢᠷ ᠨᠢᠭᠡᠴᠢ ᠶᠢ ᠬᠠᠮᠤᠷᠴᠤ᠂ 127 ᠠᠰᠠᠭᠤᠳᠠᠯ ᠢ ᠢᠯᠡᠷᠡᠭᠦᠯᠦᠭᠰᠡᠨ ᠪᠥᠭᠡᠳ ᠰᠢᠪᠠᠳᠠᠨ ᠴᠡᠭᠴᠡᠯᠡᠨ ᠰᠠᠶᠢᠵᠢᠷᠠᠭᠤᠯᠪᠠ᠃ ᠤᠳᠤᠷᠢᠳᠬᠤ ᠪᠠᠭ ᠤᠨ ᠭᠡᠰᠢᠭᠦᠨ ᠲᠤᠭᠤᠶᠢᠯᠠᠩ ᠪᠦᠯᠬᠦᠮ ᠳᠠᠭᠠᠭᠤᠯᠤᠨ ᠠᠵᠤ ᠠᠬᠤᠶᠢᠯᠠᠯ ᠪᠠ ᠬᠤᠳᠠᠯᠳᠤᠭ᠎ᠠ ᠳᠤ ᠬᠤᠯᠪᠣᠭᠳᠠᠬᠤ ᠭᠤᠤᠯᠳᠠᠯᠭ᠎ᠠ ᠲᠠᠢ ᠰᠠᠯᠠᠭ᠎ᠠ ᠮᠥᠴᠢᠷ ᠪᠣᠯᠤᠨ ᠦᠢᠯᠡᠴᠢᠯᠡᠭᠡᠨ ᠤ ᠨᠢᠭᠡᠴᠢ ᠳᠤ ᠭᠦᠨᠵᠡᠭᠡᠶᠢᠷᠡᠨ 64 ᠤᠳᠠᠭ᠎ᠠ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ 475 ᠰᠠᠯᠠᠭ᠎ᠠ ᠮᠥᠴᠢᠷ ᠨᠢᠭᠡᠴᠢ ᠶᠢ ᠬᠠᠮᠤᠷᠴᠤ᠂ ᠳᠠᠷᠤᠢ ᠬᠡᠷᠡᠭᠵᠢᠭᠦᠯᠵᠦ ᠳᠠᠷᠤᠢ ᠥᠭᠡᠷᠡᠴᠢᠯᠡᠬᠦ ᠠᠰᠠᠭᠤᠳᠠᠯ ᠢ 81 ᠢᠯᠡᠷᠡᠭᠦᠯᠪᠡ᠃ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠬᠢᠨᠠᠯᠲᠠ ᠬᠦᠯᠢᠶᠠᠵᠤ ᠪᠠᠶᠢᠭ᠎ᠠ ᠨᠢᠭᠡᠴᠢ ᠳᠤ ᠬᠢᠨᠠᠯᠲᠠ ᠲᠠᠯᠪᠢᠬᠤ ᠰᠠᠨᠠᠭᠤᠯᠭ᠎ᠠ ᠶᠢᠨ ᠵᠠᠬᠢᠳᠠᠯ 123 ᠬᠤᠪᠢ᠂ ᠠᠵᠢᠯ ᠤᠨ ᠰᠠᠨᠠᠭᠤᠯᠭ᠎ᠠ ᠶᠢᠨ ᠵᠠᠬᠢᠳᠠᠯ 51 ᠬᠤᠪᠢ᠂ ᠭᠤᠣᠯ ᠬᠠᠷᠢᠭᠤᠴᠠᠯᠭᠠᠲᠠᠨ ᠲᠠᠢ 7 ᠤᠳᠠᠭ᠎ᠠ ᠪᠣᠯᠵᠣᠨ ᠶᠠᠷᠢᠯᠴᠠᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠶᠢᠨ ᠪᠢᠴᠢᠭ 2 ᠬᠤᠪᠢ ᠭᠠᠷᠭᠠᠵᠤ᠂ ᠬᠤᠯᠪᠣᠭᠳᠠᠯ ᠪᠦᠬᠦᠢ 12 ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠰᠢᠪᠠᠳᠠᠪᠠ᠃ ᠪᠥᠬᠦ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠠᠰᠠᠭᠤᠳᠠᠯ ᠤᠨ ᠰᠦᠪᠡᠭᠴᠢ ᠶᠢ ᠨᠡᠶᠢᠲᠡ 33 ᠬᠤᠪᠢ ᠭᠥᠯᠢᠶᠡᠨ ᠠᠪᠴᠤ ᠰᠢᠢᠳᠪᠦᠷᠢᠯᠡᠨ᠂ 17 ᠬᠤᠪᠢ ᠪᠠᠶᠢᠴᠠᠭᠠᠨ ᠰᠢᠢᠳᠪᠦᠷᠢᠯᠡᠨ᠂ 33 ᠬᠥᠮᠦᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠳᠬᠡᠯ ᠥᠭᠴᠦ᠂ 8 ᠬᠥᠮᠦᠨ ᠢ ᠵᠣᠬᠢᠶᠠᠨ ᠪᠠᠶᠢᠭᠤᠯᠤᠯᠲᠠ ᠠᠴᠠ ᠰᠢᠳᠬᠡᠵᠤ᠂ 15 ᠬᠤᠪᠢ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠪᠠᠷ ᠨᠡᠶᠢᠳᠡᠯᠡᠵᠦ ᠢᠯᠡᠴᠢᠯᠡᠪᠡ᠃        ᠡᠭᠦᠨ ᠠᠴᠠ ᠭᠠᠳᠠᠨ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠᠰᠠ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠭᠦᠷᠭᠡ ᠴᠢᠳᠠᠪᠤᠷᠢ ᠶᠢ ᠪᠠᠳᠠᠷᠠᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ ᠬᠦᠴᠦᠨ ᠨᠡᠮᠡᠷᠢᠯᠡᠬᠦ ᠨᠠᠢᠮᠠᠨ ᠵᠣᠷᠪᠤᠰ ᠠᠷᠭ᠎ᠠ ᠬᠡᠮᠵᠢᠶ᠎ᠡ︾᠂ ︽ᠵᠠᠰᠠᠭ ᠬᠤᠳᠠᠯᠳᠤᠭᠠᠨ ᠤ ᠬᠠᠷᠢᠯᠴᠠᠭᠠᠨ ᠤ ᠵᠥᠪ ᠲᠠᠯ᠎ᠠ ᠶᠢᠨ ᠲᠤᠳᠤᠷᠬᠠᠶᠢᠯᠠᠯ ᠤᠨ ᠬᠠᠭᠤᠳᠠᠰᠤ ᠪᠠ ᠨᠠᠵᠠᠭᠠᠶ ᠲᠠᠯ᠎ᠠ ᠶᠢᠨ ᠲᠤᠳᠤᠷᠬᠠᠶᠢᠯᠠᠯ ᠤᠨ ᠬᠠᠭᠤᠳᠠᠰᠤ︾ ᠶᠢ ᠲᠣᠭᠲᠠᠭᠠᠨ ᠨᠡᠶᠢᠲᠡᠯᠡᠵᠦ᠂ ᠨᠠᠮ ᠵᠠᠰᠠᠭ ᠤᠨ ᠪᠠᠶᠢᠭᠤᠯᠭ᠎ᠠ ᠵᠢᠴᠢ ᠠᠯᠪᠠᠨ ᠲᠤᠰᠢᠶᠠᠯᠲᠠᠨ ᠤ ᠵᠠᠰᠠᠭ ᠬᠤᠳᠠᠯᠳᠤᠭᠠᠨ ᠤ ᠬᠠᠷᠢᠯᠴᠠᠭᠠᠨ ᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠳᠣᠲᠣᠨᠣ ᠴᠢᠬᠡᠴᠢ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠠ ᠤᠯᠤᠰ ᠲᠥᠷᠥ ᠶᠢᠨ ᠤᠷᠴᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠠᠮᠠᠭᠠᠯᠠᠨ ᠬᠥᠭᠵᠢᠭᠡᠵᠦ᠂ ᠪᠥᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ︵ᠴᠡᠯᠮᠡᠭ᠂ ᠴᠡᠴᠡᠭ︶  
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号