ᠯᠢᠨ ᠱᠤᠤ ᠴᠦᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠰᠢᠰᠲ᠋ᠧᠮ ᠤᠨ ᠲᠡᠷᠢᠭᠦᠨ ᠤ ᠵᠢᠱᠢᠶᠡᠴᠢ ᠲᠥᠯᠥᠭᠡᠯᠡᠭᠴᠢᠳ ᠲᠠᠢ ᠶᠠᠷᠢᠯᠴᠠᠬᠤ ᠳᠤ ᠪᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/11/24
           11 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ︽ᠪᠥᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ︾ ᠢ ᠯᠢ ᠵᠢᠶᠧ ᠪᠣᠯᠤᠨ ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ︽ᠬᠠᠮᠤᠭ ᠤᠨ ᠰᠠᠶᠢᠬᠠᠨ ᠵᠠᠬᠢᠳᠠᠯ ᠰᠤᠷᠪᠤᠯᠵᠢᠯᠠᠯ ᠤᠨ ᠺᠠᠳ᠋ᠷ︾ ᠤᠨ ᠨᠡᠷ᠎ᠡ ᠳᠤᠷᠠᠳᠤᠭᠳᠠᠭᠴᠢ ᠦ᠋ ᠬᠤᠩ ᠸᠧᠶ ᠲᠠᠢ ᠶᠠᠷᠢᠯᠴᠠᠪᠠ᠃ ᠲᠡᠷᠡ ᠴᠢᠬᠤᠯᠠᠴᠢᠯᠠᠬᠤ ᠳᠤ ᠪᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠶᠠᠷᠢᠯᠴᠠᠬᠤ ᠬᠤᠷᠠᠯ ᠳᠤ ᠣᠷᠣᠯᠴᠠᠪᠠ᠃        ᠯᠢᠨ ᠱᠤᠤ ᠴᠦᠨ ᠲᠡᠷᠢᠭᠦᠨ ᠤ ᠵᠢᠱᠢᠶᠡᠴᠢ ᠲᠥᠯᠥᠭᠡᠯᠡᠭᠴᠢᠳ ᠲᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠤᠷᠳᠤ ᠬᠤᠭᠤᠴᠠᠭ᠎ᠠ ᠪᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠠᠷᠠᠮ ᠦᠭᠡᠢ ᠵᠢᠳᠬᠦᠭᠰᠡᠨ ᠥᠷᠭᠡᠨ ᠤᠯᠠᠨ ᠵᠠᠬᠢᠳᠠᠯ ᠰᠤᠷᠪᠤᠯᠵᠢᠯᠠᠯ ᠤᠨ ᠺᠠᠳ᠋ᠷ ᠲᠤ ᠲᠠᠯᠠᠷᠬᠠᠵᠤ ᠪᠠᠶᠢᠭ᠎ᠠ ᠪᠠᠨ ᠢᠯᠡᠳᠬᠡᠵᠦ᠂ ᠲᠡᠷᠢᠭᠦᠨ ᠤ ᠵᠢᠱᠢᠶᠡᠴᠢ ᠶᠢᠨ ᠢᠷᠠᠭᠤ ᠠᠯᠳᠠᠷ ᠢᠶᠠᠨ ᠨᠠᠨᠳᠢᠩᠨᠠᠵᠤ᠂ ᠨᠡᠩ ᠢᠯᠡᠭᠦᠦ ᠴᠢᠷᠮᠠᠶᠢᠨ ᠠᠵᠢᠯᠯᠠᠵᠤ᠂ ᠨᠡᠩ ᠶᠡᠭᠡ ᠠᠮᠵᠢᠯᠲᠠ ᠤᠯᠬᠤ ᠶᠢ ᠵᠣᠷᠢᠭᠵᠢᠭᠤᠯᠵᠤ᠂ ᠥᠷᠭᠡᠨ ᠤᠯᠠᠨ ᠵᠠᠬᠢᠳᠠᠯ ᠰᠤᠷᠪᠤᠯᠵᠢᠯᠠᠯ ᠤᠨ ᠺᠠᠳ᠋ᠷ ᠤᠨ ᠲᠡᠷᠢᠭᠦᠨ ᠤ ᠵᠢᠱᠢᠶᠡᠴᠢ ᠠᠴᠠ ᠲᠠᠭᠠᠨ ᠰᠤᠷᠤᠯᠴᠠᠵᠤ᠂ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠷ ᠢᠶᠠᠨ ᠰᠢᠨ᠎ᠡ ᠴᠠᠭ ᠦᠶ᠎ᠡ ᠳᠤ ᠭᠠᠪᠢᠶ᠎ᠠ ᠵᠢᠳᠬᠦᠯ ᠭᠠᠷᠭᠠᠬᠤ ᠬᠡᠷᠡᠭᠲᠡᠢ ᠭᠡᠵᠦ ᠱᠠᠭᠠᠷᠳᠠᠪᠠ᠃        ᠯᠢᠨ ᠱᠤᠤ ᠴᠦᠨ ᠵᠢᠭᠠᠬᠤ ᠳᠤ ᠪᠠᠨ᠂ ᠵᠠᠬᠢᠳᠠᠯ ᠰᠤᠷᠪᠤᠯᠵᠢᠯᠠᠯ ᠤᠨ ᠠᠵᠢᠯ ᠪᠣᠯ ᠮᠠᠰᠢ ᠴᠢᠬᠤᠯᠠ ᠠᠵᠢᠯ ᠪᠠᠶᠢᠵᠤ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠲᠤᠬᠠᠶᠢᠯᠠᠭᠰᠠᠨ ᠠᠵᠢᠯ ᠤᠨ ᠴᠢᠨᠠᠷ᠂ ᠤᠯᠠᠨ ᠲᠦᠮᠡᠨᠴᠢ ᠴᠢᠨᠠᠷ ᠲᠠᠢ ᠶᠤᠮ᠃ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠰᠢᠰᠲ᠋ᠧᠮ ᠤᠨ ᠬᠢᠨ ᠪᠣᠯᠤᠨ ᠥᠷᠭᠡᠨ ᠣᠯᠠᠨ ᠵᠠᠬᠢᠳᠠᠯ ᠰᠤᠷᠪᠤᠯᠵᠢᠯᠠᠯ ᠤᠨ ᠺᠠᠳ᠋ᠷ ᠬᠦᠰᠡᠯᠡᠩ ᠪᠠ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠤ ᠪᠠᠨ ᠦᠨᠡᠨᠴᠢ ᠰᠢᠳᠤᠷᠭᠤ ᠪᠠᠶᠢᠬᠤ ᠢᠲᠡᠭᠡᠯ ᠬᠦᠰᠡᠯ ᠢ ᠪᠣᠶ ᠪᠣᠯᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ︽ᠬᠤᠶᠠᠷ ᠢ ᠬᠠᠮᠠᠭᠠᠯᠠᠬᠤ︾ ᠶᠢ ᠭᠦᠢᠴᠡᠳᠬᠡᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠶ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠪᠠᠲᠤ ᠰᠠᠬᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠭᠡᠭᠴᠢ ᠶᠠᠭᠤ ᠪᠣᠯᠬᠤ᠂ ᠶᠠᠭᠤ ᠶᠢ ᠬᠢᠬᠦ ᠴᠢᠬᠤᠯᠠᠲᠠᠢ ᠪᠤᠢ ᠭᠡᠳᠡᠭ ᠡᠨᠡ ᠬᠦ ᠦᠨᠳᠦᠰᠦᠨ ᠠᠰᠠᠭᠤᠳᠠᠯ ᠢ ᠴᠠᠭ ᠢᠮᠠᠭᠲᠠ ᠪᠠᠲᠤ ᠴᠡᠭᠡᠵᠢᠯᠡᠵᠦ᠂ ᠢᠮᠠᠭᠲᠠ ᠠᠷᠠᠳ ᠲᠦᠮᠡᠨ ᠤ ᠵᠣᠭᠰᠣᠯᠲᠠ ᠠᠴᠠ ᠠᠰᠠᠭᠤᠳᠠᠯ ᠢ ᠪᠣᠳᠣᠯᠬᠢᠯᠠᠨ᠂ ᠤᠴᠢᠷ ᠶᠠᠪᠤᠳᠠᠯ ᠬᠢᠵᠦ᠂ ᠤᠯᠠᠨ ᠲᠦᠮᠡᠨ ᠤ ᠪᠠᠴᠢᠮᠳᠠᠵᠤ᠂ ᠬᠦᠴᠢᠷᠳᠡᠵᠦ᠂ ᠵᠣᠪᠠᠨᠢᠵᠤ᠂ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠬᠤ ᠬᠡᠷᠡᠭᠲᠡᠢ ᠃ ᠬᠠᠷᠢᠭᠤᠴᠠᠯᠭ᠎ᠠ ᠡᠭᠦᠷᠭᠡᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠤᠳᠤᠯᠵᠤ᠂ ᠠᠷᠠᠳ ᠤᠯᠠᠨ ᠤ ᠰᠢᠨ᠎ᠡ ᠱᠠᠭᠠᠷᠳᠠᠯᠭ᠎ᠠ ᠪᠠ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠦ᠂ ︽ᠭᠤᠷᠪᠠ ᠶᠢ ᠭᠦᠢᠴᠡᠳᠬᠡᠵᠦ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠦᠢ ᠶᠣᠰᠣᠨ ᠤ ᠪᠠ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠲᠣᠬᠢᠲᠠᠢ ᠰᠢᠢᠳᠪᠦᠷᠢᠯᠡᠬᠦ ᠬᠡᠷᠡᠭᠲᠡᠢ᠃ ᠬᠠᠷᠠᠮ ᠦᠭᠡᠢ ᠵᠣᠷᠢᠭᠤᠯᠵᠤ᠂ ᠬᠡᠪ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠭᠠᠭᠴᠠᠭᠠᠷᠳᠠᠯ ᠢ ᠳᠡᠰᠪᠦᠷᠢᠯᠡᠬᠦ ᠪᠠ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠬᠢᠯᠢᠰᠳᠡᠯ ᠢ ᠲᠡᠰᠪᠦᠷᠢᠯᠡᠵᠦ᠂ ᠵᠠᠬᠢᠳᠠᠯ ᠰᠤᠷᠪᠤᠯᠵᠢᠯᠠᠯ ᠤᠨ ᠠᠵᠢᠯ ᠢ ᠡᠷᠬᠢᠮ ᠳᠡᠭᠡᠳᠦ ᠦᠢᠯᠡᠰ ᠪᠣᠯᠭᠠᠨ ᠬᠥᠭᠡᠭᠡᠴᠡᠯᠳᠦᠵᠦ᠂ ᠨᠠᠮ ᠤᠨ ᠬᠦᠴᠢᠷᠳᠡᠯ ᠢ ᠬᠤᠪᠢᠶᠠᠯᠴᠠᠬᠤ᠂ ᠠᠷᠠᠳ ᠤᠨ ᠵᠣᠪᠠᠭᠤᠷᠢ ᠶᠢ ᠰᠢᠢᠳᠪᠦᠷᠢᠯᠡᠬᠦ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠰᠠᠶᠢᠲᠤᠷ ᠭᠦᠢᠴᠡᠳᠬᠡᠬᠦ ᠬᠡᠷᠡᠭᠲᠡᠢ ᠭᠡᠵᠡᠢ᠃        ᠯᠢᠨ ᠱᠤᠤ ᠴᠦᠨ ᠱᠠᠭᠠᠷᠳᠠᠬᠤ ᠳᠤ ᠪᠠᠨ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠠᠬᠢᠳᠠᠯ ᠰᠤᠷᠪᠤᠯᠵᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠵᠠᠬᠢᠳᠠᠯ ᠰᠤᠷᠪᠤᠯᠵᠢᠯᠠᠯ ᠤᠨ ᠠᠵᠢᠯ ᠢ ᠶᠡᠭᠡ ᠪᠠᠷ ᠲᠡᠮᠵᠢᠵᠥ᠂ ᠡᠶ᠎ᠡ ᠵᠣᠬᠢᠴᠠᠩᠭᠤᠢ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号