ᠬᠤᠲᠠ ᠶᠢᠨ ᠵᠠᠰᠠᠭ ᠤᠨ ᠣᠷᠳᠣᠨ 2021 ᠣᠨ ᠤ ᠠᠷᠪᠠᠨ ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/24
       11 ᠰᠠᠷ᠎ᠠ ᠶᠢᠨ 12 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ 2021 ᠣᠨ ᠤ ᠠᠷᠪᠠᠨ ᠵᠢᠷᠭᠤᠳᠤᠭᠠᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃        ᠬᠤᠷᠠᠯ ᠠᠴᠠ ︽ᠤᠯᠠᠭᠠᠨᠬᠠᠳᠠ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠵᠥᠪᠰᠢᠶᠡᠷᠡᠯ ᠤᠨ ᠨᠠᠷᠢᠨ ᠳᠠᠩᠰᠠ︾᠂ ︽ᠤᠯᠠᠭᠠᠨᠬᠠᠳᠠ ᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠢ ᠲᠦᠷᠭᠡᠨ ᠬᠥᠭᠵᠢᠭᠦᠯᠬᠦ ᠲᠤᠬᠠᠢ ᠲᠦᠷᠦ ᠶᠢᠨ ᠪᠤᠳᠤᠯᠭ᠎ᠠ ᠨᠤᠭᠤᠳ︾᠂ ︽ᠤᠯᠠᠭᠠᠨᠬᠠᠳᠠ ᠬᠤᠳᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃ ︽ᠬᠤᠣᠰ ᠨᠡᠭᠦᠷᠡᠰᠦᠲᠥ᠋ᠷᠥᠭᠴᠢ︾ ︽ᠬᠤᠣᠰ ᠡᠵᠡᠮᠳᠡᠯ︾ ᠤᠨ ᠠᠵᠢᠯ᠂ ᠪᠦᠬᠦ ᠬᠤᠳᠠ ᠶᠢᠨ ᠨᠡᠭᠦᠷᠡᠰᠦᠨ ᠤ ᠬᠦᠷᠢᠶᠡᠨ ᠤ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠬᠤᠳᠠ ᠶᠢᠨ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠵᠡᠷᠭᠡ ᠶᠠᠪᠤᠳᠠᠯ ᠢ ᠰᠤᠳᠤᠯᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ᠂ ︽ᠤᠯᠠᠭᠠᠨᠬᠠᠳᠠ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠵᠥᠪᠰᠢᠶᠡᠷᠡᠯ ᠤᠨ ᠨᠠᠷᠢᠨ ᠲᠠᠩᠰᠠ︾ ᠪᠣᠯ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠠᠬᠢᠭᠤᠯᠬᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠣᠷᠴᠢᠨ ᠲᠣᠭᠤᠷᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ᠂ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠬᠡᠯᠪᠡᠷᠢ ᠪᠠ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ︽ᠭᠤᠷᠪᠠᠨ ᠱᠤᠭᠤᠮ ᠨᠢᠭᠡ ᠬᠠᠭᠤᠳᠠᠰᠤ︾ ᠶᠢ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠠᠵᠤ ᠦᠢᠯᠡᠰ ᠤᠨ ᠪᠠᠶᠢᠷᠢᠰᠢᠭᠤᠯᠤᠯᠲᠠ᠂ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ᠂ ᠴᠢᠬᠤᠯᠠ ᠶᠡᠭᠡ ᠲᠥᠷᠥᠯ ᠵᠦᠢᠯ ᠤᠨ ᠭᠠᠵᠠᠷ ᠰᠣᠩᠭᠤᠬᠤ ᠶᠢᠨ ᠴᠢᠬᠤᠯᠠ ᠦᠨᠳᠦᠰᠦᠯᠡᠯ ᠪᠣᠯᠭᠠᠵᠤ᠂ ᠴᠢᠭᠯᠡᠭᠦᠯᠬᠦ ᠴᠢᠨᠠᠷᠲᠠᠶ᠂ ᠵᠦᠷᠢᠶᠡᠴᠢᠯᠡᠭᠰᠡᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠬᠥᠭᠵᠢᠭᠦᠯᠬᠦ ᠪᠠ ᠬᠠᠮᠠᠭᠠᠯᠠᠬᠤ ᠶᠢ ᠵᠣᠬᠢᠴᠠᠯᠳᠤᠭᠤᠯᠤᠨ ᠠᠬᠢᠭᠤᠯᠬᠤ ᠶᠢ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠪᠣᠯ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠ ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠶᠢᠨ ᠴᠢᠬᠤᠯᠠ ᠭᠠᠷᠳᠠᠴᠠ ᠮᠦᠨ᠂ ᠳᠤᠮᠳᠠᠳᠤ ᠤᠯᠤᠰ · ᠤᠯᠠᠭᠠᠨᠬᠠᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠠᠵᠢᠯ ᠣᠯᠭᠤᠯᠲᠠ ᠶᠢ ᠠᠬᠢᠭᠤᠯᠬᠤ ᠶᠢᠨ ᠲᠣᠭᠤᠷᠢᠨ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠥᠯᠦᠪᠵᠢᠭᠦᠯᠦᠨ᠂ ᠠᠷᠠᠯᠵᠢᠶᠠᠴᠢᠨ ᠤᠷᠢᠵᠤ ᠪᠡᠯᠡ ᠲᠠᠲᠠᠬᠤ ᠡᠷᠴᠢᠮ ᠢᠶᠠᠨ ᠴᠢᠩᠭᠠᠷᠠᠭᠤᠯᠵᠤ᠂ ᠲᠦᠷᠦ ᠶᠢᠨ ᠪᠤᠳᠤᠯᠭ᠎ᠠ ᠶᠢᠨ ᠰᠤᠳᠤᠯᠭᠠᠨ ᠪᠠ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠨᠡᠩ ᠰᠠᠶᠢᠨ ᠨᠡᠩ ᠲᠦᠷᠭᠡᠨ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号