ᠸᠠᠩ ᠯᠢ ᠰᠢᠶᠠ᠄ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠬᠢᠵᠦ ᠥᠷᠭᠡᠨ ᠣᠯᠠᠨ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠠᠮᠤᠷ ᠲᠦᠪᠰᠢᠨ ᠡᠶ᠎ᠡ ᠵᠣᠬᠢᠴᠠᠩᠭᠤᠢ ᠣᠷᠴᠢᠨ ᠲᠤᠭᠤᠷᠢᠨ ᠢ ᠡᠭᠦᠳᠬᠦ ᠬᠡᠷᠡᠭᠲᠡᠢ
ᠨᠡᠶᠢᠲᠡᠯᠡᠭᠰᠡᠨ ᠴᠠᠭ᠄
2021/11/24
                   11 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠦᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠢ ᠴᠡᠭᠴᠡᠯᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠰᠤᠳᠤᠯᠤᠨ ᠪᠠᠶᠢᠷᠢᠯᠠᠭᠤᠯᠪᠠ᠃        ᠸᠠᠩ ᠯᠢ ᠰᠢᠶᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠪᠣᠯ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠬᠤᠷᠢᠭ᠎ᠠ ᠱᠤᠭᠤᠮ ᠮᠥᠨ ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠶᠢᠨ ᠪᠠᠶᠢᠪᠠᠰᠤ ᠵᠣᠬᠢᠬᠤ ᠠᠭᠤᠯᠭ᠎ᠠ ᠪᠠ ᠴᠢᠬᠤᠯᠠ ᠶᠡᠭᠡ ᠠᠵᠢᠯ ᠤᠨ ᠱᠠᠭᠠᠷᠳᠠᠯᠭ᠎ᠠ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠢᠭᠡᠨ ᠲᠦᠢᠯ ᠤᠨ ᠴᠢᠬᠤᠯᠠ᠂ ᠪᠠᠶᠢᠡᠭᠭᠤᠵᠢᠭᠰᠠᠨ᠂ ᠰᠠᠭᠤᠷᠢ ᠴᠢᠨᠠᠷᠲᠠᠢ ᠠᠵᠢᠯ ᠪᠣᠯᠭᠠᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠬᠢᠵᠦ᠂ ᠥᠴᠦᠬᠡᠨ ᠴᠦ ᠰᠤᠯᠠᠷᠠᠭᠤᠯᠤᠯ ᠦᠭᠡᠢ ᠪᠠᠷ ᠠᠳᠬᠤᠵᠤ᠂ ᠭᠡᠮ ᠰᠣᠭᠤᠭ ᠢ ᠠᠷᠢᠯᠭᠠᠵᠤ᠂ ᠠᠯᠳᠠᠰᠢ ᠭᠠᠷᠬᠤ ᠶᠢ ᠰᠡᠷᠭᠡᠶᠢᠯᠡᠵᠦ᠂ ᠲᠣᠭᠲᠠᠴᠠ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠥᠷᠭᠡᠨ ᠤᠯᠠᠨ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠠᠮᠤᠷ ᠲᠦᠪᠰᠢᠨ ᠡᠶ᠎ᠡ ᠵᠣᠬᠢᠴᠠᠩᠭᠤᠢ ᠰᠤᠷᠭᠠᠭᠤᠯᠢ ᠶᠢᠨ ᠬᠦᠷᠢᠶᠡᠨ ᠤ ᠣᠷᠴᠢᠨ ᠲᠤᠭᠤᠷᠢᠨ ᠢ ᠦᠨᠡᠨ ᠬᠦ ᠡᠭᠦᠳᠦᠨ ᠦᠭᠴᠦ᠂ ᠦᠨᠡᠨ ᠬᠦ ᠰᠤᠷᠤᠭᠴᠢᠳ ᠢ ᠰᠠᠨᠠᠭ᠎ᠠ ᠠᠮᠤᠷ᠂ ᠭᠡᠷ ᠤᠨ ᠠᠬᠠᠮᠠᠳ ᠢ ᠰᠠᠨᠠᠭ᠎ᠠ ᠠᠮᠤᠷ᠂ ᠨᠡᠶᠢᠭᠡᠮ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠸᠠᠩ ᠯᠢ ᠰᠢᠶᠠ᠂ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠣᠷ︾ ᠢ ᠡᠷᠡᠰ ᠪᠠᠲᠤ ᠨᠢᠬᠳᠠ ᠰᠦᠯᠵᠢᠬᠦ ᠬᠡᠷᠡᠭᠲᠡᠢ᠃ ᠠᠮᠤᠷ ᠲᠦᠪᠰᠢᠨ ᠤ ᠰᠠᠭᠤᠷᠢ ᠶᠢ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ︔ ᠲᠤᠰᠬᠠᠶ ᠵᠠᠰᠠᠯᠲᠠ ᠶᠢ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠵᠡᠷᠭᠡ ᠶᠢᠨ ᠵᠠᠰᠠᠯᠲᠠ ᠴᠡᠭᠴᠡᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠢ ᠬᠦᠴᠦᠯᠡᠨ ᠪᠠᠲᠤᠯᠠᠬᠤ ᠬᠡᠷᠡᠭᠲᠡᠢ︔ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠳᠡᠭᠡᠭᠰᠢᠯᠡᠭᠦᠯᠬᠦ ᠠᠵᠢᠯ ᠢ ᠰᠠᠶᠢᠲᠤᠷ ᠠᠳᠬᠤᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠵᠢᠴᠢ ᠭᠠᠷ ᠬᠥᠯ ᠠᠮᠠᠨ ᠤ ᠡᠪᠡᠳᠴᠢᠨ ᠵᠡᠷᠭᠡ ᠬᠠᠯᠳᠠᠪᠤᠷᠢᠲᠤ ᠴᠢᠨᠠᠷᠲᠠᠶ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠪᠠᠶᠢᠩᠭᠤ ᠶᠢᠨ ᠴᠢᠨᠠᠷᠲᠠᠶ ᠥᠷᠨᠢᠭᠦᠯᠵᠦ᠂ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠭᠦᠯᠬᠦ ᠬᠡᠷᠡᠭᠲᠡᠶ︔ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠪᠠ ᠶᠣᠰᠣ ᠰᠤᠷᠲᠠᠬᠤᠨ ᠬᠠᠤᠯᠢᠵᠢᠯ ᠤᠨ ᠬᠢᠴᠢᠶᠡᠯ ᠢ ᠨᠠᠷᠢᠨ ᠨᠢᠮᠪᠠᠶ ᠰᠠᠶᠢᠲᠤᠷ ᠣᠷᠣᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ︔ ᠠᠮᠤᠷ ᠲᠦᠪᠰᠢᠨ ᠤ ᠬᠥᠮᠦᠵᠢᠯ ᠢ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠰᠤᠷᠭᠠᠭᠤᠯᠢ ᠶᠢᠨ ᠠᠮᠤᠷ ᠲᠦᠪᠰᠢᠨ ᠤ ᠬᠥᠮᠦᠵᠢᠯ ᠤᠨ ᠠᠭᠤᠯᠭ᠎ᠠ ᠪᠠ ᠠᠷᠭ᠎ᠠ ᠮᠠᠶ᠋ᠢᠭ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠰᠡᠳᠭᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠬᠢᠴᠢᠶᠡᠯ ᠢ ᠭᠦᠢᠴᠡᠳ ᠪᠥᠭᠡᠳ ᠰᠠᠶᠢᠲᠤᠷ ᠨᠡᠭᠡᠭᠡᠵᠦ᠂ ᠠᠰᠠᠭᠤᠳᠠᠯ ᠢ ᠡᠷᠲᠡ ᠢᠯᠡᠷᠡᠭᠦᠯᠬᠦ᠂ ᠡᠷᠲᠡ ᠭᠠᠷᠳᠠᠬᠤ᠂ ᠡᠷᠲᠡ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃        ᠸᠠᠩ ᠯᠢ ᠰᠢᠶᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠰᠠᠶᠢᠲᠤᠷ ᠠᠳᠬᠤᠬᠤ ᠬᠠᠷᠢᠭᠤᠴᠠᠯᠭ᠎ᠠ ᠬᠦᠨᠳᠦ ᠶᠤᠮ᠂ ᠥᠴᠦᠬᠡᠨ ᠴᠦ ᠠᠯᠮᠠᠶᠢᠷᠠᠨ ᠰᠤᠯᠠᠷᠠᠭᠤᠯᠵᠤ ᠪᠣᠯᠬᠤ ᠦᠭᠡᠢ᠂ ᠥᠴᠦᠬᠡᠨ ᠴᠦ ᠮᠢᠨᠴᠤᠬᠦᠷᠠᠠ ᠲᠠᠶᠢᠪᠤᠰᠢᠷᠡᠵᠦ ᠪᠣᠯᠬᠤ ᠦᠭᠡᠢ᠂ ᠦᠴᠦᠭᠡᠡ ᠴᠤ ᠡᠭᠦᠷᠭᠡ ᠬᠠᠷᠢᠭᠤᠴᠠᠯᠭ᠎ᠠ ᠪᠠᠨ ᠠᠯᠳᠠᠵᠤ ᠪᠣᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠬᠦᠴᠦ ᠪᠠᠨ ᠬᠠᠮᠲᠤᠳᠬᠠᠨ ᠬᠠᠷᠢᠭᠤᠴᠠᠯᠭ᠎ᠠ ᠪᠠᠨ ᠭᠦᠢᠴᠡᠳᠭᠡᠵᠦ᠂ ᠰᠡᠳᠭᠢᠯ ᠲᠠᠯᠪᠢᠨ ᠰᠡᠳᠭᠢᠯᠭᠡ ᠪᠠᠨ ᠵᠦᠳᠡᠭᠡᠵᠤ ᠬᠦᠴᠦ ᠣᠷᠣᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠠᠶᠢᠩᠭᠤ ᠶᠢᠨ ᠴᠢᠨᠠᠷᠲᠠᠢ ᠪᠠᠷ ᠤᠷᠳᠤ ᠬᠤᠭᠤᠴᠠᠭ᠎ᠠ ᠪᠦᠲᠦᠮᠵᠢᠲᠡᠢ ᠥᠷᠨᠢᠭᠦᠯᠵᠦ᠂ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ᠂ ᠴᠡᠴᠡᠷᠯᠢᠭ ᠤᠨ ᠳᠠᠷᠤᠭ᠎ᠠ ᠪᠠᠷ ᠨᠢᠭᠡᠳᠦᠭᠡᠷ ᠬᠠᠷᠢᠭᠤᠴᠠᠯᠭᠠᠲᠠᠨ ᠪᠣᠯᠭᠠᠭᠰᠠᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠴᠢᠩᠭ᠎ᠠ ᠬᠡᠷᠡᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠵᠡᠷᠭᠡ ᠪᠠᠷ ᠲᠥᠯᠥᠪᠵᠢᠭᠦᠯᠵᠦ᠂ ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ ᠠᠬᠢᠭᠤᠯᠵᠤ᠂ ᠵᠡᠷᠭᠡ ᠪᠠᠷ ᠬᠢᠨᠠᠨ ᠰᠢᠯᠭᠠᠵᠤ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠶᠠᠪᠤᠳᠠᠯ ᠪᠦᠬᠦᠨ ᠢ ᠬᠢᠬᠦ ᠬᠥᠮᠦᠨ ᠲᠠᠢ᠂ ᠴᠠᠭ ᠢᠮᠠᠭᠲᠠ ᠬᠢᠨᠠᠯᠲᠠ ᠬᠠᠮᠢᠶᠠᠷᠤᠯᠲᠠ ᠲᠠᠢ ᠪᠠᠶᠢᠬᠤ ᠶᠢ ᠪᠡᠶᠡᠯᠡᠭᠦᠯᠵᠦ᠂ ᠬᠡᠦᠬᠡᠳ ᠤᠳ ᠲᠤ ᠦᠨᠡᠨ ᠬᠦ ᠡᠷᠡᠭᠦᠯ᠂ ᠠᠮᠤᠷ ᠲᠦᠪᠰᠢᠨ᠂ ᠡᠶ᠎ᠡ ᠵᠣᠬᠢᠴᠠᠩᠭᠤᠢ᠂ ᠪᠠᠶᠠᠷ ᠪᠠᠶᠠᠰᠤᠯ ᠲᠠᠢ ᠦᠰᠦᠨ ᠪᠤᠶᠢᠵᠢᠬᠤ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠾᠧᠩ ᠰᠢᠶᠤᠤ ᠹᠠᠨ᠂ ᠪᠣᠣ ᠰᠢᠶᠠᠨ ᠬᠤᠸᠠ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号