| | ᠬᠠᠨ ᠸᠧᠨ ᠰᠢᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠠ | ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ ᠸᠠᠩ ᠯᠢ ᠰᠢᠶᠠ ᠣᠷᠣᠯᠴᠠᠵᠠᠢ | 11 ᠰᠠᠷ᠎ᠠ ᠶᠢᠨ 22 ᠤᠨ ᠡᠳᠦᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠥᠪ ᠤᠨ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ | ᠶᠠᠪᠤᠭᠳᠠᠪᠠ᠃ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠲᠥᠪ ᠤᠨ ᠡᠳ᠋ ᠤᠨ | ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠤᠨ ᠡᠳᠦᠷ ᠲᠤᠳᠤᠮ ᠤᠨ ᠠᠵᠢᠯ ᠢ ᠬᠤᠪᠢᠳᠠᠨ ᠬᠠᠮᠢᠶᠠᠷᠴᠤ | ᠪᠠᠶᠢᠭ᠎ᠠ ᠳᠡᠳ᠋ ᠡᠷᠬᠢᠯᠡᠭᠴᠢ ᠬᠠᠨ ᠸᠧᠨ ᠰᠢᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠦ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠮᠡᠳᠡᠭᠦᠯᠦᠯᠲᠡ ᠶᠢᠨ ᠬᠤᠷᠠᠯ ᠢ ᠡᠷᠬᠢᠯᠡᠭᠰᠡᠨ ᠪᠥᠭᠡᠳ | ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶᠠᠨ ᠤ ᠳᠠᠷᠤᠭ᠎ᠠ ᠪᠠᠶᠢᠴᠠᠭᠠᠬᠤ ᠬᠤᠷᠢᠶᠠᠨ ᠤ | ᠪᠠᠶᠢᠴᠠᠭᠠᠬᠤ ᠳᠠᠷᠤᠭ᠎ᠠ᠂ ᠮᠤᠵᠢ ᠶᠢᠨ ᠲᠡᠰ ᠤᠨ ᠠᠵᠢᠯ ᠠᠴᠠ ᠪᠠᠨ ᠳᠠᠷᠬᠠᠯᠠᠭᠳᠠᠬᠰᠡᠨ ᠠᠵᠢᠯ ᠠᠴᠠ ᠪᠠᠨ ᠠᠮᠠᠷᠠᠭᠰᠠᠨ | ᠠᠬᠠᠮᠠᠳ ᠨᠥᠬᠦᠳ ᠤᠨ ᠲᠥᠯᠥᠭᠡᠯᠡᠭᠴᠢ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ | 11 ᠰᠠᠷ᠎ᠠ ᠶᠢᠨ 22 ᠤᠨ ᠦᠳᠡ ᠶᠢᠨ ᠡᠮᠦᠨ᠎ᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠥᠪ ᠤᠨ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ | ᠬᠥᠬᠡᠬᠤᠲᠠ ᠳᠤ ᠶᠠᠪᠤᠭᠳᠠᠪᠠ᠃ | ᠬᠠᠨ ᠸᠧᠨ ᠰᠢᠦ ᠭᠦᠨᠵᠡᠭᠡᠢ ᠪᠥᠭᠡᠳ ᠣᠶᠢᠯᠠᠭᠠᠮᠵᠢᠲᠠᠢ ᠦᠭᠡ ᠬᠡᠯᠡ ᠪᠣᠯᠤᠨ ᠶᠡᠭᠡ ᠬᠡᠮᠵᠢᠶᠡᠨ ᠤ ᠪᠣᠳᠠᠲᠤ | ᠵᠢᠱᠢᠶ᠎ᠡ ᠶᠢᠨ ᠲᠤᠭ᠎ᠠ ᠪᠠᠷᠢᠮᠲᠠ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠵᠤ᠂ ᠤᠯᠠᠨ ᠳᠤ ᠠᠮᠢᠳᠤᠯᠢᠭ | ᠭᠤᠶᠢᠳᠠ ᠬᠠᠪᠰᠤᠷᠤᠨ ᠵᠢᠯᠣᠭᠤᠳᠬᠤ ᠮᠡᠳᠡᠭᠦᠯᠦᠯᠲᠡ ᠬᠢᠪᠡ᠃ ᠲᠡᠷᠡ ᠡᠩ ᠲᠡᠷᠢᠭᠦᠨ ᠳᠤ ᠰᠢᠢᠳᠪᠦᠷᠢ ᠶᠢᠨ ᠭᠤᠣᠯ | ᠣᠨᠴᠠᠯᠢᠭ ᠤᠨ ᠲᠣᠭᠤᠷᠢᠨ ᠳᠤ᠂ ᠰᠢᠢᠳᠪᠦᠷᠢ ᠪᠤᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ | ᠤᠳᠤᠷᠢᠳᠤᠨ ᠲᠤᠭᠤᠷᠪᠢᠵᠤ᠂ ᠮᠠᠷᠺᠰ ᠤᠨ ᠦᠵᠡᠯ ᠤᠨ ᠵᠣᠭᠰᠣᠯᠲᠠ ᠦᠵᠡᠯᠲᠡ ᠠᠷᠭ᠎ᠠ ᠶᠢ ᠪᠠᠷᠢᠮᠲᠠᠯᠠᠵᠤ᠂ ᠪᠦᠬᠦ | ᠨᠠᠮ ᠤᠨ ᠤᠶᠤᠨ ᠤᠬᠠᠭᠠᠨ ᠤ ᠤᠬᠢ ᠲᠠᠯᠠᠰᠲᠤ ᠶᠢ ᠨᠢᠭᠲᠠᠷᠠᠭᠤᠯᠵᠤ ᠪᠦᠷᠢᠯᠳᠦᠬᠦᠯᠤᠭ᠍ᠰᠡᠨ ᠵᠠᠭᠤᠨ ᠵᠢᠯ ᠤᠨ ᠨᠠᠮ ᠤᠨ | ᠲᠡᠦᠬᠡᠨ ᠳᠡᠭᠡᠷᠡᠬᠢ ᠭᠤᠷᠪᠠᠳᠤᠭᠠᠷ ᠲᠡᠦᠬᠡᠨ ᠰᠢᠢᠳᠪᠦᠷᠢ ᠪᠣᠯᠤᠨ᠎ᠠ᠂ ᠭᠤᠣᠯᠳᠠᠯᠭ᠎ᠠ ᠨᠢ ᠰᠢᠨ᠎ᠡ ᠴᠠᠭ ᠦᠶ᠎ᠡ ᠶᠢᠨ | ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠬᠤᠪᠢᠰᠤᠯᠲᠠ ᠪᠣᠯᠤᠨ ᠲᠤᠷᠰᠢᠯᠭ᠎ᠠ ᠶᠢ ᠳ᠋ᠦᠩᠨᠡᠭᠰᠡᠨ ᠳᠤ ᠪᠤᠢ ᠭᠡᠵᠦ | ᠲᠤᠳᠤᠷᠬᠠᠶᠢᠯᠠᠪᠠ᠃ ᠲᠠᠷᠠᠭ᠎ᠠ ᠨᠢ᠂ ᠨᠠᠮ ᠤᠨ ᠲᠦᠷᠪᠡᠨ ᠠᠳᠠᠯᠢ ᠪᠤᠰᠤ ᠲᠡᠦᠬᠡᠨ ᠴᠠᠭ ᠦᠶ᠎ᠡ ᠶᠢᠨ ᠭᠤᠣᠯ ᠡᠭᠦᠷᠭᠡ᠂ | ᠭᠤᠣᠯ ᠵᠥᠷᠢᠴᠡᠯ᠂ ᠠᠭᠤᠤ ᠶᠡᠭᠡ ᠠᠮᠵᠢᠯᠲᠠ ᠪᠦᠲᠦᠮᠵᠢ ᠶᠢ ᠲᠣᠪᠴᠢ ᠡᠷᠭᠢᠴᠡᠭᠦᠯᠬᠦ ᠶᠢᠨ ᠬᠠᠮᠲᠤ ᠭᠤᠤᠯᠳᠠᠭᠤ | ᠮᠠᠨ ᠤ ᠤᠯᠤᠰ ᠤᠨ ᠬᠥᠭᠵᠢᠯᠲᠡ ᠶᠢᠨ ᠰᠢᠨ᠎ᠡ ᠲᠡᠦᠬᠡᠨ ᠣᠷᠣᠨ ᠪᠠᠶᠢᠷᠢ ᠶᠢ ᠭᠦᠨᠵᠡᠭᠡᠢ ᠡᠵᠡᠮᠳᠡᠬᠦ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠭᠡᠬᠦ ᠡᠨᠡ ᠬᠦ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠢ | ᠭᠦᠨᠵᠡᠭᠡᠢ ᠡᠵᠡᠮᠳᠡᠬᠦ᠂ ᠰᠢᠨ᠎ᠡ ᠴᠠᠭ ᠦᠶ᠎ᠡ ᠶᠢᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠠ ᠲᠡᠦᠬᠡᠲᠦ | ᠴᠢᠨᠠᠷᠲᠠᠢ ᠬᠤᠪᠢᠰᠤᠯᠲᠠ ᠶᠢ ᠭᠦᠨᠵᠡᠭᠡᠢ ᠡᠵᠡᠮᠳᠡᠬᠦ᠂ ᠰᠢᠨ᠎ᠡ ᠴᠠᠭ ᠦᠶ᠎ᠡ ᠶᠢᠨ ᠨᠠᠮ ᠤᠨ ᠡᠭᠦᠷᠭᠡ ᠬᠠᠷᠢᠭᠤᠴᠠᠯᠭ᠎ᠠ ᠪᠠ | ᠨᠠᠮ ᠤᠨ ᠵᠠᠭᠤᠨ ᠵᠢᠯ ᠤᠨ ᠲᠡᠮᠡᠴᠡᠯ ᠤᠨ ︽ᠲᠠᠪᠤᠨ ᠶᠡᠭᠡ ᠲᠡᠦᠬᠡᠲᠦ ᠠᠴᠢ ᠬᠤᠯᠪᠣᠭᠳᠠᠯ︾᠂ ︽ᠠᠷᠪᠠᠨ ᠶᠡᠭᠡ | ᠲᠡᠦᠬᠡᠨ ᠲᠤᠷᠰᠢᠯᠭ᠎ᠠ︾ ᠶᠢ ᠭᠦᠨᠵᠡᠭᠡᠢ ᠡᠵᠡᠮᠳᠡᠬᠦ ᠵᠡᠷᠭᠡ ᠲᠠᠯ᠎ᠠ ᠠᠴᠠ ᠰᠢᠢᠳᠪᠦᠷᠢ ᠶᠢᠨ ᠭᠤᠣᠯ ᠴᠢᠬᠤᠯᠠ | ᠠᠭᠤᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠲᠡᠷᠡ ᠣᠯᠠᠨ ᠢ ᠰᠢᠢᠳᠪᠦᠷᠢ ᠠᠴᠠ ᠢᠷᠡᠭᠡᠳᠦᠢ ᠪᠠᠨ | ᠴᠣᠭᠴᠠᠯᠠᠬᠤ ᠤᠶᠤᠨ ᠤᠬᠠᠭᠠᠨ ᠪᠠ ᠬᠦᠴᠦᠨ ᠴᠢᠳᠠᠯ ᠰᠢᠩᠭᠡᠭᠡᠨ ᠠᠪᠴᠤ᠂ ᠰᠢᠨ᠎ᠡ ᠴᠠᠭ ᠦᠶ᠎ᠡ ᠰᠢᠨ᠎ᠡ | ᠠᠶᠠᠨ ᠳᠠᠭᠠᠨ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠭᠡᠷᠡᠢ ᠭᠡᠵᠦ | ᠵᠣᠷᠢᠭᠵᠢᠭᠤᠯᠪᠠ᠃ ᠬᠤᠷᠠᠯ ᠳᠤ ᠣᠷᠣᠯᠴᠠᠭᠰᠠᠨ ᠨᠥᠬᠦᠳ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠤ | ᠳᠠᠷᠠᠭ᠎ᠠ ᠮᠠᠰᠢ ᠶᠡᠭᠡ ᠰᠡᠩᠬᠡᠷᠡᠭᠦᠯᠦᠯ ᠣᠯᠵᠤ᠂ ᠶᠡᠬᠡᠳᠡ ᠵᠣᠷᠢᠭᠵᠢᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ | ᠣᠨᠴᠠᠭᠠᠶᠢᠯᠠᠨ ᠰᠢᠢᠳᠪᠦᠷᠢ ᠶᠢᠨ ᠴᠢᠬᠤᠯᠠ ᠶᠡᠭᠡ ᠠᠴᠢ ᠬᠤᠯᠪᠣᠭᠳᠠᠯ᠂ ᠴᠢᠬᠤᠯᠠ ᠬᠤᠪᠢ ᠨᠡᠮᠡᠷᠢ᠂ | ᠭᠤᠣᠯᠳᠠᠯᠭ᠎ᠠ ᠲᠠᠢ ᠠᠭᠤᠯᠭ᠎ᠠ ᠳᠤ ᠨᠡᠩ ᠭᠦᠢᠴᠡᠳ ᠲᠠᠨᠢᠯᠲᠠ ᠪᠠ ᠨᠡᠩ ᠭᠦᠨᠵᠡᠭᠡᠢ ᠣᠶᠢᠯᠠᠭᠠᠯᠲᠠ ᠲᠠᠢ ᠪᠤᠯᠵᠤ᠂ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠥᠷᠯᠥᠭᠡ | ᠦᠳᠡᠰᠢ ᠶᠢ ᠲᠡᠮᠡᠴᠡᠬᠦ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠦᠵᠡᠰᠭᠦᠯᠡᠩᠲᠦ | ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ | ᠲᠡᠷᠭᠡᠯᠰᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠭᠡᠵᠡᠭᠡᠪᠡ᠃ | ᠱᠢ ᠲᠠᠢ ᠹᠧᠩ ᠮᠡᠳᠡᠭᠦᠯᠦᠯᠲᠡ ᠶᠢᠨ ᠬᠤᠷᠠᠯ ᠢ ᠡᠷᠭᠢᠯᠡᠬᠦ ᠳᠡᠭᠡᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠬᠤᠷᠠᠯᠳᠤᠭᠰᠠᠨ ᠪᠥᠭᠡᠳ ︽ᠨᠠᠮ ᠤᠨ ᠵᠠᠭᠤᠨ ᠵᠢᠯ ᠤᠨ | ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠰᠢᠶ᠋ᠳᠪᠦᠷᠢ︾ ᠶᠢ ᠪᠠᠲᠤᠯᠠᠭᠰᠠᠨ ᠨᠢ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠶᠢ ᠰᠡᠩᠬᠡᠷᠡᠭᠦᠯᠬᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠴᠢᠬᠤᠯᠠ ᠬᠥᠰᠢᠶ᠎ᠡ | ᠳᠤᠷᠠᠰᠬᠠᠯ ᠤᠨ ᠠᠴᠢ ᠬᠤᠯᠪᠣᠭᠳᠠᠯ ᠲᠠᠢ ᠪᠠᠶᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ ᠳᠡᠭᠡᠷ᠎ᠡ | ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷ᠎ᠡ ᠥᠩᠭᠡ ᠢᠯᠭᠠᠷᠠᠮ᠎ᠠ ᠬᠠᠭᠤᠳᠠᠰᠤ ᠶᠢ ᠪᠢᠴᠢᠭᠯᠡᠭᠰᠡᠨ ᠨᠢ | ᠯᠠᠪᠲᠠᠶ ᠶᠤᠮ᠃ | ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ | ᠺᠠᠳ᠋ᠷᠴᠤᠳ ᠡᠷᠬᠡᠪᠰᠢ ᠤᠯᠤᠰ ᠲᠥᠷᠥ᠂ ᠪᠠᠶᠢᠯᠳᠤᠬᠤ ᠪᠣᠳᠣᠯᠭ᠎ᠠ ᠪᠠ ᠪᠦᠬᠦ ᠲᠠᠯ᠎ᠠ ᠶᠢᠨ ᠥᠨᠳᠥᠷᠴᠡ ᠠᠴᠠ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠴᠢᠬᠤᠯᠠ ᠶᠡᠭᠡ | ᠤᠯᠤᠰ ᠲᠦᠷᠦ ᠶᠢᠨ ᠠᠴᠢ ᠬᠤᠯᠪᠣᠭᠳᠠᠯ᠂ ᠲᠡᠦᠬᠡᠲᠦ ᠠᠴᠢ ᠬᠤᠯᠪᠣᠭᠳᠠᠯ᠂ ᠪᠣᠳᠠᠲᠤ ᠠᠴᠢ ᠬᠤᠯᠪᠣᠭᠳᠠᠯ ᠪᠠ | ᠳᠡᠯᠡᠬᠡᠶ ᠶᠢᠨ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ | ᠠᠮᠵᠢᠯᠲᠠ ᠪᠦᠲᠦᠮᠵᠢ᠂ ᠲᠡᠦᠬᠡᠲᠦ ᠠᠴᠢ ᠬᠤᠯᠪᠣᠭᠳᠠᠯ᠂ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠶ ᠣᠶᠢᠯᠠᠭᠠᠬᠤ | ᠬᠡᠷᠡᠭᠲᠡᠶ᠂ ᠲᠡᠭᠦᠨ ᠳᠤ ᠠᠭᠤᠯᠤᠭᠳᠠᠵᠤ ᠪᠠᠶᠢᠭ᠎ᠠ ᠲᠡᠦᠬᠡ ᠶᠢᠨ ᠵᠢᠮ᠎ᠡ ᠶᠣᠰᠣ ᠪᠠ ᠲᠡᠦᠬᠡ ᠶᠢᠨ ᠵᠠᠶᠢᠯᠠᠰᠢ ᠦᠭᠡᠢ | ᠴᠢᠨᠠᠷ ᠢ ᠭᠦᠨᠵᠡᠭᠡᠶ ᠡᠵᠡᠮᠰᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠭᠡᠭᠴᠢ ᠶᠠᠭᠤ ᠪᠣᠯᠬᠤ᠂ ᠶᠠᠭᠤ ᠬᠢᠬᠦ | ᠭᠡᠳᠡᠭ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤ ᠰᠠᠬᠢᠵᠦ᠂ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠶ᠋ᠯᠡᠳᠦᠯᠭᠡᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ | ᠤᠬᠠᠮᠰᠠᠷ ᠢᠶᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠦᠷ ᠤᠬᠠᠭᠤᠯᠵᠤ᠂ | ᠰᠠᠶᠢᠲᠤᠷ ᠲᠤᠭᠤᠰᠢᠯᠠᠭᠤᠯᠬᠤ ᠬᠡᠷᠡᠭᠲᠡᠢ᠃ ᠰᠢᠢᠳᠪᠦᠷᠢ ᠶᠢᠨ ᠵᠣᠷᠢᠭ ᠰᠠᠨᠠᠭᠠᠨ ᠤ ᠮᠥᠨ ᠴᠢᠨᠠᠷ ᠪᠠ ᠭᠤᠣᠯ ᠴᠢᠬᠤᠯᠠ | ᠠᠭᠤᠯᠭ᠎ᠠ ᠶᠢ ᠤᠢᠢᠯᠠᠭᠠᠨ ᠡᠵᠡᠮᠰᠢᠵᠦ᠂ ︽ᠤᠯᠤᠰ ᠲᠦᠷᠦ ᠶᠢᠨ ᠲᠤᠩᠬᠠᠭ︾ ᠪᠠ ︽ᠠᠵᠢᠯᠯᠠᠭᠠᠨ ᠤ ᠵᠦᠭᠯᠡᠭᠦᠷ︾ | ᠤᠨ ᠦᠨᠳᠦᠷᠴᠡ ᠠᠴᠠ ᠰᠢᠢᠳᠪᠦᠷᠢ ᠶᠢᠨ ᠲᠦᠢᠯ ᠤᠨ ᠴᠢᠬᠤᠯᠠ ᠴᠢᠨᠠᠷ ᠢ ᠲᠠᠨᠢᠵᠤ᠂ ᠪᠦᠬᠦ ᠲᠠᠯ᠎ᠠ ᠪᠠᠷ | ᠰᠢᠰᠲ᠋ᠧᠮ ᠲᠠᠢ ᠰᠤᠷᠤᠯᠴᠠᠬᠤ᠂ ᠭᠦᠨᠵᠡᠭᠡᠢ ᠤᠳᠠᠭᠠᠨ ᠳᠠᠭᠠᠭᠠᠮᠠᠭᠠᠢ ᠰᠤᠷᠤᠯᠴᠠᠵᠤ᠂ ᠠᠭᠤᠰᠤᠯᠴᠠᠭᠤᠯᠤᠨ | ᠨᠡᠪᠲᠡᠷᠡᠲᠡᠯ᠎ᠡ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠦᠨᠡᠨ ᠬᠦ ᠪᠡᠶᠡᠯᠡᠭᠦᠯᠵᠦ᠂ | ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠶᠢ ᠰᠤᠷᠴᠤ᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ | ᠪᠠᠶᠢᠬᠤ ᠶᠢ ᠰᠤᠷᠴᠤ᠂ ᠡᠷᠡᠰ ᠬᠠᠲᠠᠭᠤ ᠲᠡᠮᠡᠴᠡᠯ ᠤᠨ ᠵᠣᠷᠢᠭ ᠰᠠᠨᠠᠭ᠎ᠠ ᠶᠢ ᠰᠤᠷᠴᠤ᠂ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠴᠢᠩᠭ᠎ᠠ ᠵᠣᠷᠢᠭ ᠰᠠᠨᠠᠭ᠎ᠠ ᠶᠢ ᠰᠤᠷᠴᠤ᠂ ᠨᠠᠮ ᠤᠨ ᠲᠡᠮᠡᠴᠡᠯ ᠤᠨ ᠲᠡᠦᠬᠡᠨ ᠶᠠᠪᠤᠴᠠ ᠠᠴᠠ ᠦᠨᠡᠨ | ᠬᠦ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠴᠠᠭ ᠦᠶ᠎ᠡ ᠠᠴᠠ ᠣᠯᠭᠤᠭᠰᠠᠨ ᠲᠡᠦᠬᠡᠲᠦ ᠡᠭᠦᠷᠭᠡ ᠶᠢ ᠨᠡᠩ | ᠰᠠᠶᠢᠲᠤᠷ ᠡᠭᠦᠷᠭᠡᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠦᠳᠲᠡᠷ ᠲᠦᠷᠭᠡᠨ ᠬᠥᠳᠡᠯᠦᠯᠴᠡᠵᠦ᠂ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ ᠨᠠᠷᠢᠨ ᠨᠢᠮᠪᠠᠶ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠴᠢᠬᠤᠯᠠ ᠡᠭᠦᠷᠭᠡ ᠪᠣᠯᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ | ᠤᠶᠠᠯᠳᠤᠭᠤᠯᠵᠤ᠂ ᠰᠤᠷᠤᠯᠴᠠᠯᠭ᠎ᠠ ᠪᠣᠯᠪᠠᠰᠤᠷᠠᠯ ᠢ ᠪᠣᠳᠠᠲᠠᠶ ᠠᠳᠬᠤᠨ ᠰᠠᠶᠢᠲᠤᠷ ᠠᠳᠬᠤᠵᠤ᠂ ᠤᠬᠠᠭᠤᠯᠤᠨ | ᠲᠠᠶᠢᠯᠪᠤᠷᠢᠯᠠᠬᠤ ᠤᠬᠠᠭᠤᠯᠤᠨ ᠳᠠᠮᠵᠢᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠠᠵᠢᠯ ᠢ ᠭᠦᠨᠵᠡᠭᠡᠶᠢᠷᠡᠭᠦᠯᠬᠦ᠂ ᠰᠡᠳᠭᠢᠯ ᠳᠡᠭᠡᠨ ᠬᠠᠳᠠᠩᠰᠢᠭᠤᠯᠬᠤ᠂ ᠪᠣᠳᠠᠲᠠᠶᠢᠵᠢᠭᠤᠯᠬᠤ ᠶᠢ | ᠠᠬᠢᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠦᠨᠡᠨ ᠬᠦ ᠦᠵᠡᠯ ᠰᠠᠨᠠᠭ᠎ᠠ ᠪᠠᠨ ᠨᠢᠭᠡᠳᠭᠡᠵᠦ᠂ | ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠲᠡᠮᠡᠴᠡᠯ ᠤᠨ ᠵᠣᠷᠢᠭ ᠢᠶᠠᠨ | ᠴᠢᠩᠭᠠᠷᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠮᠡᠳᠡᠭᠦᠯᠦᠯᠲᠡ ᠶᠢᠨ ᠬᠤᠷᠠᠯ ᠨᠢ ᠸᠢᠳᠢᠣ᠋ ᠬᠡᠯᠪᠡᠷᠢ ᠪᠠᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠥᠬᠦᠶ ᠰᠠᠯᠠᠭ᠎ᠠ ᠮᠥᠴᠢᠷ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ᠂ ᠬᠥᠬᠡᠬᠤᠲᠠ ᠳᠤ ᠰᠠᠭᠤᠭ᠎ᠠ | ᠬᠤᠯᠪᠣᠭᠳᠠᠯ ᠪᠥᠬᠦᠶ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ᠂ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠪᠦᠷᠢᠯᠳᠦᠬᠦᠨ᠂ ᠬᠥᠬᠡᠬᠤᠲᠠ ᠳᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠨᠠᠷ ᠭᠤᠤᠯ ᠬᠤᠷᠠᠯ ᠤᠨ ᠲᠠᠯᠠᠪᠠᠶ ᠳᠤ | ᠮᠡᠳᠡᠭᠦᠯᠦᠯᠲᠡ ᠶᠢ ᠰᠣᠨᠣᠰᠴᠠᠶ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ | ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃ ᠮᠡᠳᠡᠭᠦᠯᠦᠯᠲᠡ ᠶᠢᠨ ᠬᠤᠷᠠᠯ ᠲᠡᠭᠦᠰᠦᠭᠰᠡᠨ ᠤ ᠲᠠᠷᠠᠭ᠎ᠠ᠂ ᠬᠠᠨ | ᠸᠧᠨ ᠰᠢᠦ ᠬᠤᠷᠠᠯ ᠳᠤ ᠣᠷᠣᠯᠴᠠᠭᠰᠠᠨ ᠨᠦᠭᠦᠳ ᠤᠨ ᠳᠤᠷᠠᠳᠤᠭᠰᠠᠨ ᠠᠰᠠᠭᠤᠯᠲᠠ ᠶᠢ ᠨᠢᠭᠡᠳ ᠨᠢᠭᠡ ᠪᠠᠷ | ᠬᠠᠷᠢᠭᠤᠯᠪᠠ᠃ ᠬᠥᠬᠡᠬᠤᠲᠠ ᠳᠤ ᠪᠠᠶᠢᠬᠤ ᠬᠤᠭᠤᠴᠠᠭᠠᠨ ᠳᠤ᠂ ᠲᠥᠪ ᠤᠨ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠬᠢᠨ ᠪᠠᠰᠠ ᠢᠯᠢ ᠪᠦᠯᠦᠭᠯᠡᠯ ᠳᠤ ᠬᠦᠷᠴᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠭᠤᠰᠢᠯᠠᠭᠤᠯᠬᠤ ᠶᠢᠨ ᠲᠣᠭᠤᠷᠢᠨ ᠳᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠲᠥᠯᠥᠭᠡᠯᠡᠭᠴᠢ ᠲᠠᠢ ᠨᠢᠭᠤᠷᠳᠡᠨ ᠤᠬᠠᠭᠤᠯᠤᠨ ᠲᠠᠶᠢᠯᠪᠤᠷᠢᠯᠠᠬᠰᠠᠨ ᠤ ᠬᠠᠮᠲᠤ ᠬᠤᠷᠰᠢᠯᠴᠠᠵᠤ ᠰᠠᠨᠠᠯ ᠢᠶᠠᠨ | ᠰᠣᠯᠢᠯᠴᠠᠪᠠ᠃ | |