ᠪᠡᠭᠡᠵᠢᠩ ᠥᠪᠥᠷ ᠮᠣᠩᠭᠤᠯ ︵ᠤᠯᠠᠭᠠᠨᠬᠠᠳᠠ︶ ᠤᠨ ᠬᠠᠮᠵᠢᠯᠴᠠᠭ᠎ᠠ ᠳᠠᠬᠢᠨᠳᠠ ᠳᠡᠰ ᠳᠡᠪᠰᠢᠪᠡ
ᠨᠡᠶᠢᠲᠡᠯᠡᠭᠰᠡᠨ ᠴᠠᠭ᠄
2021/11/29
           11 ᠰᠠᠷ᠎ᠠ ᠶᠢᠨ 22 ᠤᠨ ᠡᠳᠦᠷ᠂ ᠪᠡᠭᠡᠵᠢᠩ ᠥᠪᠥᠷ ᠮᠣᠩᠭᠤᠯ ︵ᠤᠯᠠᠭᠠᠨᠬᠠᠳᠠ︶ ᠤᠨ ᠬᠠᠮᠵᠢᠯᠴᠠᠭᠠᠨ ᠤ ᠲᠦᠷᠦᠯ ᠵᠦᠢᠯ ᠤᠨ ᠰᠦᠯᠵᠢᠶᠡᠨ ᠳᠡᠭᠡᠷ᠎ᠡ ᠭᠡᠷ᠎ᠠ ᠲᠤᠭᠳᠠᠬᠤ ᠶᠣᠰᠣᠯᠠᠯ ᠤᠨ ᠠᠬᠤᠢ ᠲᠠᠯᠠᠪᠠᠢ ᠠᠴᠠ ᠣᠶᠢᠯᠠᠭᠠᠭᠰᠠᠨ ᠢᠶᠠᠷ᠂ ᠬᠤᠶᠠᠷ ᠭᠠᠵᠠᠷ ᠤᠨ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠢᠮᠠᠨ ᠲᠦᠷᠦᠯ ᠤᠨ ᠬᠠᠮᠵᠢᠯᠴᠠᠭᠠᠨ ᠤ ᠵᠦᠪᠳᠡᠯᠴᠡᠭᠡᠷ ᠲᠤ ᠭᠠᠷ ᠤᠨ ᠦᠰᠦᠭ ᠵᠢᠷᠤᠵᠤ᠂ ᠲᠠᠷᠢᠶᠠᠯᠠᠩ᠂ ᠰᠢᠨᠵᠢᠯᠡᠬᠦ ᠤᠬᠠᠭᠠᠨ ᠮᠡᠷᠭᠡᠵᠢᠯ᠂ ᠵᠢᠭᠤᠯᠴᠢᠯᠠᠯ᠂ ᠰᠤᠷᠭᠠᠨ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢ ᠬᠠᠮᠤᠷᠴᠤ᠂ ᠬᠠᠮᠲᠤᠷᠠᠯᠴᠠᠭᠠᠨ ᠤ ᠬᠠᠨᠳᠤᠰᠢ ᠳᠠᠰᠤᠷᠠᠯᠳᠠ ᠦᠭᠡᠢ ᠰᠠᠶᠢᠵᠢᠷᠠᠭᠰᠠᠨ ᠪᠠᠶᠢᠨ᠎ᠠ᠃        ᠨᠠᠢᠮᠠᠨ ᠲᠦᠷᠦᠯ ᠤᠨ ᠬᠠᠮᠳᠤᠷᠠᠯᠴᠠᠭᠠᠨ ᠤ ᠵᠦᠪᠳᠡᠯᠴᠡᠭᠡᠷ ᠤᠨ ᠪᠣᠳᠠᠲᠠᠶ ᠠᠭᠤᠯᠭ᠎ᠠ ᠨᠢ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠪᠡᠭᠡᠵᠢᠩ ᠤᠨ ᠠᠵᠤ ᠠᠬᠤᠶ ᠶᠢᠨ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠵᠦᠪᠳᠡᠯᠴᠡᠭᠡᠷ ᠲᠣᠭᠲᠠᠵᠤ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ︵ᠢ ᠵᠤᠸᠠᠩ • ᠤᠯᠠᠭᠠᠨᠬᠠᠳᠠ︶ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ︾ ᠤᠨ ᠪᠥᠲᠥᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠵᠤ᠂ ᠴᠢᠳᠠᠪᠤᠷᠢᠲᠠᠨ ᠤ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠂ ᠠᠵᠤ ᠤᠶᠢᠯᠡᠰ ᠤᠨ ᠨᠡᠪᠴᠢᠬᠦᠯᠤᠯᠳᠠ᠂ ᠪᠠᠯᠠ ᠣᠷᠣᠭᠤᠯᠤᠨ ᠪᠠᠯᠠ ᠴᠤᠭᠯᠠᠭᠤᠯᠬᠤ ᠦᠢᠯᠡᠴᠢᠯᠡᠭᠡ᠂ ᠦᠢᠯᠡᠳᠬᠦᠨ ᠢ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠲᠠᠪᠴᠠᠩ ᠢ ᠪᠠᠶᠢᠭᠤᠯᠬᠤ ᠪᠠᠷ ᠪᠤᠢ᠃ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠤᠯᠤᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠷᠥᠯ ᠵᠦᠢᠯ ᠤᠨ ᠪᠤᠷᠤ ᠲᠦᠯᠦᠪ ᠤᠨ ᠬᠠᠮᠵᠢᠯᠴᠠᠭᠠᠨ ᠤ ᠵᠦᠪᠳᠡᠯᠴᠡᠭᠡᠷ ᠲᠣᠭᠲᠠᠵᠤ᠂ ᠤᠯᠠᠭᠠᠨᠬᠠᠳᠠ ᠬᠤᠲᠠ ᠳᠤ ᠫᠷᠤᠹᠧᠰᠰᠤᠷ ᠤᠨ ᠠᠵᠢᠯ ᠤᠨ ᠥᠷᠲᠡᠭᠡ ᠶᠢ ᠬᠤᠶᠠᠷ ᠪᠠᠶᠢᠭᠤᠯᠵᠤ᠂ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ᠂ ᠵᠢᠱᠢᠶ᠎ᠡ ᠦᠵᠡᠭᠦᠯᠬᠦ ᠲᠣᠰᠬᠤᠨ ᠢ ᠪᠥᠲᠥᠭᠡᠨ ᠪᠠᠶᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ ᠠᠵᠤ ᠦᠢᠯᠡᠰ᠂ ᠵᠠᠰᠠᠯᠲᠠ᠂ ᠴᠢᠳᠠᠪᠤᠷᠢᠲᠠᠨ ᠪᠠ ᠲᠣᠭᠠᠴᠢᠯᠠᠭᠰᠠᠨ ᠬᠥᠳᠡᠭᠡ ᠲᠣᠰᠬᠤᠨ ᠵᠡᠷᠭᠡ ᠬᠦᠷᠢᠶ᠎ᠡ ᠴᠠᠷᠠᠭᠠᠨ ᠳᠤ ᠮᠡᠷᠭᠡᠵᠢᠯ ᠤᠨ ᠵᠢᠯᠣᠭᠤᠳᠣᠯᠭ᠎ᠠ ᠪᠠ ᠣᠶᠤᠨ ᠤ ᠲᠤᠯᠭᠠᠭᠤᠷᠢ ᠬᠠᠩᠭᠠᠬᠤ ᠪᠠᠷ ᠲᠥᠯᠥᠪᠯᠡᠵᠦ ᠪᠠᠶᠢᠨ᠎ᠠ︔ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠪᠡᠭᠡᠵᠢᠩ ᠬᠤᠲᠠ ᠶᠢᠨ ᠬᠤᠸᠠᠩ ᠴᠧᠩ ᠠᠮᠤ ᠲᠣᠰᠣ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠵᠢᠯᠴᠠᠭᠠᠨ ᠤ ᠪᠤᠷᠤ ᠲᠦᠯᠦᠪ ᠤᠨ ᠵᠦᠪᠳᠡᠯᠴᠡᠭᠡᠷ ᠲᠣᠭᠲᠠᠵᠤ᠂ ᠺᠣᠮᠫᠠᠨᠢ ᠨᠢ 4000 ᠲᠦᠮᠡᠨ ᠲᠥᠭᠦᠷᠢᠭ ᠤᠨ ᠠᠮᠤ ᠪᠤᠳᠠᠭ᠎ᠠ ᠬᠤᠳᠠᠯᠳᠤᠨ ᠠᠪᠬᠤ ᠪᠠᠯᠠ ᠮᠥᠩᠭᠦ ᠣᠷᠣᠭᠤᠯᠵᠤ᠂ ᠲᠤᠬᠠᠢ ᠶᠢᠨ ᠭᠠᠵᠠᠷ ᠤᠨ ᠡᠷᠳᠡᠨᠢ ᠰᠢᠰᠢ ᠶᠢ ᠬᠤᠳᠠᠯᠳᠤᠨ ᠠᠪᠴᠤ᠂ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠪᠤᠯᠤᠨ᠎ᠠ︔ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠤᠯᠤᠨ ᠪᠡᠭᠡᠵᠢᠩ ᠤᠨ ᠸᠠᠨ ᠱᠠᠩ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠵᠠᠭᠠᠷᠲᠤ ᠺᠣᠮᠫᠠᠨᠢ ᠢᠦᠶ ᠴᠢᠶᠣᠤ ᠸᠠᠨ ᠵᠤᠰᠠᠯᠠᠩ ᠤᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠵᠦᠪᠳᠡᠯᠴᠡᠭᠡᠷ ᠲᠣᠭᠲᠠᠵᠤ᠂ 5200 ᠲᠦᠮᠡᠨ ᠲᠥᠭᠦᠷᠢᠭ ᠤᠨ ᠪᠠᠯᠠ ᠤᠷᠤᠭᠤᠯᠵᠤ᠂ ᠢᠦᠶ ᠴᠢᠶᠣᠤ ᠸᠠᠨ ᠵᠤᠰᠠᠯᠠᠩ ᠤᠨ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠵᠢᠭᠤᠯᠴᠢᠯᠠᠯ᠂ ᠰᠡᠯᠡᠭᠦᠴᠡᠯ᠂ ᠵᠤᠭ᠎ᠠ ᠴᠡᠩᠭᠡᠯ᠂ ᠠᠮᠠᠷᠠᠨ ᠵᠤᠭᠠᠴᠠᠬᠤ ᠶᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠢ ᠪᠠᠶᠢᠭᠤᠯᠬᠤ ᠪᠤᠯᠤᠨ᠎ᠠ︔ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠪᠤᠯᠤᠨ ᠪᠡᠭᠡᠵᠢᠩ ᠬᠤᠲᠠ ᠶᠢᠨ ᠹᠧᠩᠲ᠋ᠠᠢ ᠲᠣᠭᠤᠷᠢᠭ ᠤᠨ ᠲᠤᠰᠠᠯᠠᠨ ᠬᠠᠮᠳᠤᠷᠠᠯᠴᠠᠬᠤ ᠠᠯᠪᠠᠨ ᠬᠡᠷ ᠢᠳᠡᠰᠢᠨ ᠤ ᠮᠥᠭᠦ ᠶᠢᠨ ᠠᠵᠤ ᠦᠢᠯᠡᠰ ᠤᠨ ᠪᠤᠷᠤ ᠲᠦᠯᠦᠪ ᠤᠨ ᠵᠦᠪᠳᠡᠯᠴᠡᠭᠡᠷ ᠲᠣᠭᠲᠠᠵᠤ᠂ ︽ᠢᠳᠡᠰᠢᠨ ᠤ ᠮᠥᠭᠦ︾ ᠶᠢᠨ ᠯᠢᠨᠰᠢ ᠶᠢᠨ ᠲᠦᠷᠦᠯ ᠲᠡᠮᠳᠡᠭ ᠢ ᠪᠣᠶ ᠪᠣᠯᠭᠠᠵᠤ᠂ ᠢᠳᠡᠰᠢᠨ ᠤ ᠮᠥᠭᠦ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠤᠯᠤᠨ᠎ᠠ︔ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠪᠡᠭᠡᠵᠢᠩ ᠤᠨ ᠺᠤᠸᠠᠢ ᠫᠤᠤ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠵᠢᠯᠴᠠᠭᠠᠨ ᠤ ᠪᠤᠷᠤ ᠲᠦᠯᠦᠪ ᠤᠨ ᠵᠦᠪᠳᠡᠯᠴᠡᠭᠡᠷ ᠲᠣᠭᠲᠠᠵᠤ᠂ ᠲᠦᠷᠦᠬᠦᠴᠢ ᠶᠢᠨ ᠬᠤᠭᠤᠴᠠᠭᠠᠨ ᠳᠤ 1500 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠨᠢᠩᠴᠧᠩ ᠰᠢᠶᠠᠨ ᠳᠤ ᠨᠠᠷᠠᠲᠤ ᠲᠡᠮᠳᠡᠭᠲᠦ ᠠᠷᠠᠳ ᠤᠨ ᠭᠡᠷ ᠤᠨ ᠬᠤᠨᠤᠭ ᠪᠠᠭᠤᠴᠠ ᠶᠢ ᠣᠷᠣᠭᠤᠯᠤᠨ ᠠᠪᠴᠢᠷᠠᠵᠤ᠂ ︽ᠬᠠᠯᠠᠭᠤᠨ ᠷᠠᠰᠢᠶᠠᠨ᠂ ᠬᠤᠨᠤᠭ ᠪᠠᠭᠤᠴᠠ ᠲᠦᠪᠯᠡᠷᠡᠭᠰᠡᠨ ᠲᠤᠰᠬᠤᠨ︾ ᠠᠷᠠᠳ ᠤᠨ ᠭᠡᠷ ᠤᠨ ᠬᠤᠨᠤᠭ ᠪᠠᠭᠤᠴᠠ ᠶᠢᠨ ᠲᠥᠷᠥᠯ ᠵᠦᠢᠯ ᠢ ᠪᠠᠶᠢᠭᠤᠯᠬᠤ ᠪᠠᠷ ᠲᠥᠯᠥᠪᠯᠡᠵᠦ ᠪᠣᠶ︔ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠰᠢᠶᠠ ᠸᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠡᠭᠡᠵᠢᠩ ᠬᠤᠲᠠ ᠶᠢᠨ ᠬᠠᠶ ᠳ᠋ᠢᠶᠠᠨ ᠲᠣᠭᠤᠷᠢᠭ ᠤᠨ ᠰᠧ ᠵᠢᠶ ᠴᠢᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠪᠰᠤᠷᠤᠯᠴᠠᠨ ᠲᠡᠳᠬᠦᠬᠦ ᠤ ᠪᠤᠷᠤ ᠲᠦᠯᠤᠪ ᠤᠨ ᠵᠦᠪᠳᠡᠯᠴᠡᠭᠡᠷ ᠲᠣᠭᠲᠠᠵᠤ᠂ 3000 ᠲᠦᠮᠡᠨ ᠲᠥᠭᠦᠷᠢᠭ ᠤᠨ ᠪᠠᠯᠠ ᠣᠷᠣᠭᠤᠯᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠬᠠᠮᠲᠤ ᠪᠠᠷ ᠪᠠᠶᠢᠭᠤᠯᠵᠤ᠂ ᠲᠤᠬᠠᠶ ᠶᠢᠨ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠤᠳᠠᠯᠳᠤᠨ ᠠᠪᠬᠤ ᠪᠠ ᠪᠣᠷᠣᠯᠠᠭᠤᠯᠬᠤ ᠶᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠪᠣᠬᠢᠷᠲᠤᠯ ᠥᠬᠡᠶ ᠴᠢᠨᠠᠷ ᠰᠠᠶᠢᠲᠠᠶ ᠮᠠᠯ ᠠᠰᠢᠭ ᠰᠢᠮ᠎ᠠ ᠲᠠᠷᠢᠶᠠᠯᠠᠩ ᠤᠨ ᠪᠦᠳᠤᠭᠡᠭᠳᠡᠬᠦᠨ ᠢ ᠪᠡᠭᠡᠵᠢᠩ ᠤᠨ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠬᠤ ᠪᠠᠷ ᠲᠦᠯᠦᠪᠯᠡᠵᠦ ᠪᠤᠢ︔ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠤᠯᠤᠨ ᠪᠡᠭᠡᠵᠢᠩ ᠬᠤᠲᠠ ᠶᠢᠨ ᠬᠠᠶ ᠳ᠋ᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠪᠤᠷᠤ ᠲᠦᠯᠦᠪ ᠤᠨ ᠵᠦᠪᠳᠡᠯᠴᠡᠭᠡᠷ ᠲᠣᠭᠲᠠᠵᠤ᠂ ᠪᠠᠭᠰᠢ ᠨᠠᠷ ᠢ ᠪᠣᠯᠪᠠᠰᠤᠷᠠᠭᠤᠯᠬᠤ᠂ ᠰᠤᠷᠭᠠᠭᠤᠯᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠪᠠ ᠡᠷᠳᠡᠮ ᠰᠢᠨᠵᠢᠯᠡᠭᠡᠨ ᠤ ᠵᠢᠯᠣᠭᠤᠳᠬᠤ ᠲᠥᠷᠥᠯ ᠵᠦᠢᠯ ᠢ ᠬᠡᠷᠡᠭᠵᠢᠭᠦᠯᠬᠦ ᠪᠠᠷ ᠪᠠᠶᠢᠨ᠎ᠠ᠃        ᠡᠨᠡ ᠵᠢᠯ ᠠᠴᠠ ᠨᠠᠭᠠᠰᠢ᠂ ᠪᠡᠭᠡᠵᠢᠩ ᠬᠤᠲᠠ ᠪᠤᠯᠤᠨ ᠤᠯᠠᠭᠠᠨᠬᠠᠳᠠ ᠬᠤᠲᠠ ᠬᠤᠶᠠᠷ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠶᠡᠭᠡ ᠪᠠᠷ ᠠᠬᠢᠭᠤᠯᠵᠤ᠂ ᠬᠤᠶᠠᠷ ᠭᠠᠵᠠᠷ ᠤᠨ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠺᠠᠳ᠋ᠷ 833 ᠬᠥᠮᠦᠨ ᠤᠳᠠᠭ᠎ᠠ ᠪᠠᠶᠢᠴᠠᠭᠠᠨ ᠰᠤᠳᠤᠯᠵᠤ ᠰᠤᠷᠪᠤᠯᠵᠢᠯᠠᠵᠤ᠂ 234 ᠬᠠᠮᠵᠢᠯᠴᠠᠭᠠᠨ ᠤ ᠲᠥᠷᠥᠯ ᠵᠦᠢᠯ ᠢ ᠬᠡᠷᠡᠭᠵᠢᠭᠦᠯᠵᠦ᠂ ᠪᠡᠭᠡᠵᠢᠩ ᠤᠨ 35 ᠲᠥᠷᠥᠯ ᠵᠦᠢᠯ ᠢ ᠣᠷᠣᠭᠤᠯᠤᠨ ᠠᠪᠴᠢᠷᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ᠂ ᠤᠯᠠᠮᠵᠢᠯᠠᠯᠲᠤ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ᠂ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠪᠤᠳᠠᠰ ᠤᠨ ᠭᠦᠢᠯᠭᠡᠭᠡ ᠪᠠ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠪᠤᠢ ᠪᠤᠯᠵᠤ ᠬᠦᠭᠵᠢᠭᠰᠡᠨ ᠠᠵᠤ ᠦᠢᠯᠡᠰ ᠵᠡᠷᠭᠡ ᠬᠦᠷᠢᠶ᠎ᠡ ᠴᠠᠷᠠᠭᠠᠨ ᠳᠤ ᠬᠤᠯᠪᠣᠭᠳᠠᠭᠰᠠᠨ ᠪᠠᠶᠢᠨ᠎ᠠ᠃
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号