| | 11 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠨᠠᠮ ᠤᠨ ᠬᠤᠷᠢᠶ᠎ᠠ ︵ᠥᠷᠭᠡᠳᠭᠡᠭᠰᠡᠨ︶ ᠶᠢᠨ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ ᠲᠤᠭᠤᠰᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠳᠠᠷᠤᠭ᠎ᠠ ᠾᠧᠩ ᠰᠢᠶᠤᠤ ᠹᠠᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢ | ᠣᠳᠣᠬᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ ᠰᠤᠷᠤᠯᠴᠠᠯᠭ᠎ᠠ ᠶᠢᠨ ᠭᠤᠤᠯᠳᠠᠯᠭ᠎ᠠ ᠪᠣᠯᠭᠠᠵᠤ᠂ ᠤᠳᠤᠷᠢᠳᠬᠤ ᠺᠠᠳ᠋ᠷᠴᠤᠳ ᠵᠢᠱᠢᠶ᠎ᠡ ᠦᠵᠡᠭᠦᠯᠵᠦ | ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠷᠭᠡᠨ ᠳᠡᠯᠭᠡᠷ ᠭᠦᠨᠵᠡᠭᠡᠶ ᠤᠬᠠᠭᠤᠯᠤᠨ | ᠲᠠᠶᠢᠯᠪᠤᠷᠢᠯᠠᠵᠤ᠂ ᠲᠦᠷᠦᠭᠦᠯᠡᠨ ᠰᠤᠷᠤᠯᠴᠠᠵᠤ᠂ ᠲᠦᠷᠦᠭᠦᠯᠡᠨ ᠪᠣᠳᠣᠯᠬᠢᠯᠠᠵᠤ᠂ ᠲᠦ᠋ᠷᠦᠭᠦᠯᠡᠨ ᠨᠠᠶᠢᠳᠠᠪᠤᠷᠢᠵᠢᠭᠤᠯᠵᠤ᠂ | ᠥᠷᠭᠡᠨ ᠣᠯᠠᠨ ᠠᠷᠠᠳ ᠤᠨ ᠴᠠᠭᠳᠠᠭ᠎ᠠ ᠳᠤ ᠰᠠᠶᠢᠨ ᠥᠯᠢᠭᠡᠷ ᠵᠢᠱᠢᠶ᠎ᠡ ᠪᠣᠯᠵᠣ᠂ ᠰᠠᠶᠢᠨ ᠬᠡᠪ ᠲᠠᠭᠤᠷᠢᠶᠠᠯ | ᠦᠵᠡᠬᠦᠯᠬᠦ ᠬᠡᠷᠡᠭᠲᠡᠶ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠴᠠᠭᠳᠠᠭ᠎ᠠ ᠶᠢᠨ ᠤᠯᠤᠰ ᠲᠥᠷᠥ ᠶᠢᠨ | ᠡᠭᠡᠯᠵᠢᠯᠡᠨ ᠪᠣᠯᠪᠠᠰᠤᠷᠠᠭᠤᠯᠬᠤ ᠴᠢᠬᠤᠯᠠ ᠠᠭᠤᠯᠭ᠎ᠠ ᠪᠣᠯᠭᠠᠵᠤ᠂ ᠰᠠᠯᠠᠭ᠎ᠠ ᠮᠥᠴᠢᠷ ᠤᠨ ᠴᠠᠭᠳᠠᠭᠠᠨ ᠤ ᠲᠥᠷᠥᠯ ᠤᠨ | ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠣᠯᠠᠨ ᠲᠠᠰ ᠳᠠᠪᠬᠤᠷᠭ᠎ᠠ ᠶᠢᠨ ᠰᠤᠷᠤᠯᠴᠠᠨ ᠲᠤᠭᠤᠰᠢᠯᠠᠭᠤᠯᠬᠤ | ᠠᠵᠢᠯᠯᠠᠭ᠎ᠠ ᠶᠢ ᠥᠷᠨᠢᠭᠦᠯᠵᠦ᠂ ︽ᠳᠥᠷᠪᠡᠨ ᠲᠡᠮᠦᠷ ᠮᠡᠲᠦ ᠪᠠᠲᠤ ᠴᠢᠩᠭ᠎ᠠ︾ ᠡᠩᠨᠡᠭᠡ ᠶᠢ ᠳᠠᠪᠲᠠᠨ | ᠪᠣᠯᠪᠠᠰᠤᠷᠠᠭᠤᠯᠵᠤ᠂ ︽ᠬᠤᠶᠠᠷ ᠬᠠᠯᠬᠠᠪᠴᠢ︾ ᠶᠢᠨ ᠰᠢᠳᠤᠷᠭᠤ ᠬᠠᠮᠠᠭᠠᠯᠠᠭᠴᠢ ᠪᠣᠯᠬᠤ ᠬᠡᠷᠡᠭᠲᠡᠶ᠃ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠡᠬᠦᠷᠭᠡ ᠲᠤᠰᠢᠶᠠᠯ ᠢ ᠪᠠᠲᠤ ᠡᠵᠡᠮᠳᠡᠵᠦ᠂ ᠲᠡᠮᠡᠴᠡᠯ ᠤᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠬᠤᠷᠢᠭ᠎ᠠ ᠱᠤᠭᠤᠮ ᠤᠨ | ᠰᠡᠳᠭᠢᠬᠦᠢ ᠶᠢ ᠴᠢᠩᠭᠠᠳᠬᠠᠵᠤ᠂ ᠡᠯ᠎ᠡ ᠲᠦᠷᠦᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ | ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠠᠮᠤᠷ ᠢ ᠬᠠᠮᠠᠭᠠᠯᠠᠬᠤ ᠴᠢᠩᠭ᠎ᠠ ᠴᠣᠬᠢᠯᠲᠠ ᠥᠭᠬᠦ ᠰᠦᠷ ᠬᠦᠴᠦᠲᠦ | ᠪᠠᠶᠢᠳᠠᠯ ᠢ ᠢᠮᠠᠭᠲᠠ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ | ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | |