ᠱᠢ ᠲᠠᠢ ᠹᠧᠩ ᠤᠯᠠᠭᠠᠨᠬᠠᠳᠠ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠰᠢᠨ᠎ᠡ ᠠᠷᠭ᠎ᠠ ᠬᠡᠮᠵᠢᠶ᠎ᠡ ᠰᠦᠪᠡᠭᠴᠢᠯᠡᠵᠦ ︽ᠪᠠᠷᠢᠯᠭ᠎ᠠ ᠶᠢᠨ ᠵᠢᠷᠤᠭ ᠲᠦᠰᠦᠪ︾ ᠲᠤᠬᠳᠠᠭᠠᠵᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠰᠠᠶᠢᠲᠤᠷ ᠵᠠᠮᠨᠠᠬᠤ ᠬᠡᠷᠡᠭᠲᠡᠶ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/11/29
       11 ᠰᠠᠷ᠎ᠠ ᠶᠢᠨ 28 ᠤ ᠡᠳᠦᠷ᠂ ᠱᠢ ᠲᠠᠢ ᠹᠧᠩ ᠤᠯᠠᠭᠠᠨᠬᠠᠳᠠ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ ᠲᠡᠷᠡ᠂ ᠡᠯ᠎ᠡ ᠱᠠᠲᠤᠨ ᠤ ᠬᠢᠨ ᠤᠬᠠᠮᠰᠠᠷ ᠠᠴᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠳᠣᠷᠬᠠᠶᠢᠯᠠᠭᠰᠠᠨ ᠴᠢᠭᠯᠡᠯ ᠪᠣᠯᠤᠨ ᠪᠠᠶᠢᠷᠢᠰᠢᠭᠤᠯᠤᠯᠲᠠ ᠶᠢᠨ ᠳᠤᠤᠷ᠎ᠠ ᠲᠣᠰ ᠭᠠᠵᠠᠷ ᠣᠷᠣᠨ ᠤ ᠪᠠᠨ ᠠᠵᠢᠯ ᠢ ᠰᠤᠳᠤᠯᠤᠨ ᠠᠬᠢᠭᠤᠯᠵᠤ᠂ ᠪᠣᠳᠠᠲᠤ ᠪᠠᠶᠢᠳᠠᠯ ᠳᠠᠭᠠᠨ ᠰᠠᠭᠤᠷᠢᠯᠠᠨ ᠡᠯ᠎ᠡ ᠵᠦᠶ᠋ᠯ ᠤᠨ ᠠᠵᠢᠯ ᠤᠨ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠦᠨ ᠰᠦᠪᠡᠭᠴᠢᠯᠡᠵᠤ ᠪᠣᠳᠠᠲᠠᠶ ᠠᠳᠬᠤᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠰᠠᠶᠢᠲᠤᠷ ᠵᠠᠮᠨᠠᠬᠤ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠤᠨ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ᠂ ᠶᠢᠨ ᠵᠢᠶᠠᠩ ᠪᠥᠸᠧ᠂ ᠸᠠᠨ ᠴᠤᠤ ᠴᠢ᠂ ᠸᠠᠩ ᠸᠠᠩ ᠱᠧᠩ᠂ ᠴᠧᠨ ᠵᠠᠨ ᠶᠢᠩ᠂ ᠵᠤᠤ ᠵᠢᠩ ᠸᠠᠩ᠂ ᠵᠤᠤ ᠰᠤ᠋ ᠫᠢᠩ ᠵᠡᠷᠭᠡ ᠲᠥᠯᠥᠭᠡᠯᠡᠭᠴᠢ ᠢᠳᠡᠪᠬᠢᠲᠡᠢ ᠪᠠᠷ ᠦᠭᠡ ᠬᠡᠯᠡᠵᠦ᠂ ᠲᠠᠨᠢᠯᠲᠠ ᠣᠶᠢᠯᠠᠭᠠᠯᠲᠠ ᠪᠠᠨ ᠠᠭᠤᠵᠢᠷᠠᠲᠠᠯ᠎ᠠ ᠶᠠᠷᠢᠯᠴᠠᠪᠠ᠃ ᠣᠯᠠᠨ ᠤ ᠶᠠᠷᠢᠬᠤ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ ᠱᠢ ᠲᠠᠢ ᠹᠧᠩ ᠶᠡᠭᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠨᠢ ᠪᠥᠬᠦ ᠲᠠᠯ᠎ᠠ ᠳᠤ ᠵᠣᠭᠰᠣᠵᠤ᠂ ᠭᠤᠤᠯ ᠰᠡᠳᠦᠪ ᠨᠢ ᠢᠯᠡ ᠲᠣᠳᠣ᠂ ᠠᠵᠢᠯ ᠢᠶᠠᠨ ᠳ᠋ᠦᠩᠨᠡᠭᠰᠡᠨ ᠨᠢ ᠪᠤᠰᠤᠳᠴᠢ ᠪᠥᠭᠡᠳ ᠪᠣᠳᠠᠲᠠᠶ᠂ ᠪᠠᠶᠢᠷᠢᠯᠠᠭᠤᠯᠤᠭᠰᠠᠨ ᠡᠭᠦᠷᠭᠡ ᠨᠢ ᠲᠣᠳᠣᠷᠬᠠᠶ ᠪᠥᠭᠡᠳ ᠪᠣᠳᠠᠲᠠᠶ ᠪᠠᠶᠢᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠬᠦ ᠡᠷᠡᠰ ᠪᠠᠳᠤ ᠢᠳᠡᠬᠡᠯ ᠵᠣᠷᠢᠭ ᠢ ᠭᠦᠶ᠋ᠴᠡᠳ ᠢᠯᠡᠷᠡᠭᠦᠯᠵᠦ᠂ ᠴᠢᠩᠭ᠎ᠠ ᠪᠠᠶᠢᠬᠤ ᠭᠤᠤᠯ ᠬᠥᠭ ᠠᠶᠠᠰ ᠢ ᠣᠷᠳᠣ ᠬᠤᠭᠤᠴᠠᠭ᠎ᠠ ᠪᠠᠷ ᠪᠠᠷᠢᠮᠲᠠᠯᠠᠬᠤ ᠢᠯᠡ ᠲᠣᠳᠣ ᠣᠪᠣᠷ ᠢ ᠢᠯᠡᠷᠡᠭᠦᠯᠪᠡ᠂ ᠪᠢ ᠪᠦᠷᠢᠮᠦᠰᠦᠨ ᠵᠥᠪᠰᠢᠶᠡᠷᠡᠨ᠎ᠡ ᠭᠡᠵᠤ ᠬᠡᠯᠡᠪᠡ᠃        ᠱᠢ ᠲᠠᠢ ᠹᠧᠩ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠳᠤ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠵᠠᠩᠭᠢᠯᠠᠭ᠎ᠠ ᠨᠢ ᠣᠷᠣᠨ ᠳᠠᠶᠠᠭᠠᠷ ᠢᠶᠠᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠳᠤ ᠪᠤᠢ᠃ ᠤᠯᠠᠭᠠᠨᠬᠠᠳᠠ ᠬᠤᠳᠠ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠲᠤᠰ ᠪᠡᠶ᠎ᠡ ᠶᠢᠨ ᠬᠥᠭᠵᠢᠯᠲᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠬᠠᠮᠢᠭ᠎ᠠ ᠠᠴᠠ ᠭᠠᠷᠳᠠᠬᠤ᠂ ᠬᠠᠮᠢᠭᠠᠰᠢ ᠪᠠᠨ ᠬᠦᠴᠦᠯᠡᠬᠦ ᠶᠢ ᠴᠢᠨᠠᠭᠰᠢᠳᠠ ᠵᠦᠪ ᠤᠨᠤᠪᠴᠢᠳᠠᠢ ᠪᠤᠯᠭᠠᠵᠤ᠂ ᠠᠵᠤ ᠠᠬᠤᠢ ᠨᠡᠶᠢᠭᠡᠮ ᠪᠣᠯᠤᠨ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠵᠦ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠨᠡᠩ ᠶᠡᠭᠡ ᠠᠯᠬᠤᠮ ᠢ ᠠᠯᠬᠤᠵᠤ᠂ ᠭᠤᠣᠯᠯᠠᠬᠤ ᠠᠵᠤ ᠦᠢᠯᠡᠰ ᠢ ᠪᠤᠶᠢᠵᠢᠭᠤᠯᠤᠨ ᠰᠢᠯᠢᠳᠡᠭᠵᠢᠭᠦᠯᠵᠤ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠡᠰ ᠳᠠᠪᠬᠤᠷᠭ᠎ᠠ ᠪᠠ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠵᠢᠭᠤᠯᠴᠢᠯᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠲᠡᠰ ᠳᠡᠪᠰᠢᠭᠦᠯᠬᠦ ᠶᠢ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠂ ᠠᠵᠤ ᠠᠬᠤᠢ ᠶᠢᠨ ᠬᠥᠭᠵᠢᠯᠲᠡ ᠶᠢ ᠡᠬᠢ ᠪᠠᠶᠠᠯᠢᠭ ᠲᠤ ᠲᠦᠰᠢᠭᠯᠡᠬᠦ ᠬᠡᠯᠪᠡᠷᠢ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠡᠯᠪᠡᠷᠢ ᠲᠡᠶᠢᠰᠢ ᠬᠤᠪᠢᠷᠠᠭᠤᠯᠬᠤ᠂ ᠪᠦᠳᠦᠭᠦᠯᠢᠭ ᠪᠦᠬᠡᠳ ᠶᠡᠭᠡ ᠨᠡᠭᠦᠷᠡᠰᠦᠲᠥ᠋ᠷᠥᠭᠴᠢᠲᠦ ᠬᠡᠯᠪᠡᠷᠢ ᠠᠴᠠ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠬᠡᠯᠪᠡᠷᠢ ᠲᠡᠶᠢᠰᠢ ᠬᠤᠪᠢᠷᠠᠭᠤᠯᠬᠤ᠂ ᠲᠠᠷᠠᠬᠠᠢ ᠪᠤᠳᠠᠷᠬᠠᠢ ᠦᠷ᠎ᠡ ᠠᠰᠢᠭ ᠳᠣᠣᠷ᠎ᠠ ᠬᠡᠯᠪᠡᠷᠢ ᠠᠴᠠ ᠡᠷᠴᠢᠮᠯᠢᠭ ᠥᠨᠳᠥᠷ ᠪᠦᠲᠦᠮᠵᠢᠲᠡᠢ ᠬᠡᠯᠪᠡᠷᠢ ᠲᠡᠶᠢᠰᠢ ᠬᠤᠪᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠵᠦᠢᠷᠠᠢ ᠣᠳᠣᠨ ᠤᠷᠤᠨ︾ ᠢ ᠪᠠᠶᠢᠭᠤᠯᠬᠤ ᠬᠠᠷᠠᠯᠲᠠ ᠶᠢᠨ ᠲᠤᠭᠤᠷᠢᠨ ᠳᠤ ᠣᠷᠣᠨ ᠪᠦᠰᠡ ᠶᠢᠨ ᠲᠥᠪ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠠᠵᠠ ᠲᠣᠬᠢᠶᠠᠯ ᠢ ᠠᠮᠵᠢᠨ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠵᠡᠮᠳᠡᠵᠦ᠂ ᠪᠠᠷᠢᠮᠵᠢᠶ᠎ᠠ ᠪᠠᠨ ᠲᠣᠳᠣᠷᠬᠠᠶᠢᠯᠠᠨ᠂ ᠰᠤᠳᠤᠯᠤᠨ ᠲᠥᠯᠥᠪᠵᠢᠭᠦᠯᠬᠦ ᠪᠠᠨ ᠴᠢᠩᠭᠠᠳᠬᠠᠵᠤ᠂ ᠪᠥᠲᠥᠭᠡᠨ ᠪᠠᠶᠢᠭᠤᠯᠬᠤ ᠠᠯᠬᠤᠭ᠎ᠠ ᠪᠠᠨ ᠲᠦᠷᠭᠡᠳᠭᠡᠨ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠠᠵᠤ ᠦᠶ᠋ᠯᠡᠰ ᠪᠠ ᠬᠤᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠠᠳᠬᠤᠨ᠂ ᠡᠬᠢ ᠪᠠᠶᠠᠯᠢᠭ ᠢ ᠲᠥᠪᠯᠡᠷᠡᠭᠦᠯᠵᠤ ᠲᠠᠷᠬᠠᠭᠠᠬᠤ᠂ ᠡᠯᠧᠮᠧᠨ᠋ᠲ ᠢ ᠠᠭᠤᠰᠤᠯᠴᠠᠭᠤᠯᠤᠨ ᠨᠡᠪᠲᠡᠷᠡᠯᠴᠡᠬᠦᠯᠬᠦ ᠶᠢ ᠬᠦᠴᠦᠯᠡᠨ ᠠᠬᠢᠭᠤᠯᠵᠤ᠂ ᠬᠤᠲᠠ ᠶᠢᠨ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠨ᠂ ᠤᠯᠠᠭᠠᠨᠬᠠᠳᠠ ᠬᠤᠲᠠ ᠶᠢ ᠪᠥᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠭᠤᠯᠬᠤ ᠳᠤᠮᠳᠠ ᠨᠠᠩ ᠶᠡᠭᠡ ᠠᠮᠢᠵᠢᠷᠠᠯ ᠤᠨ ᠬᠦᠴᠦᠨ ᠲᠠᠢ ᠪᠤᠯᠭᠠᠬᠤ ᠬᠡᠷᠡᠭᠲᠡᠶ᠃ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠤᠳᠤᠯᠬᠢᠯᠠᠬᠤ ᠪᠠᠭᠳᠠᠭᠠᠮᠵᠢ ᠪᠣᠯᠤᠨ ᠡᠭᠦᠷᠭᠡᠯᠡᠯ ᠢᠶᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠵᠤ᠂ ᠨᠤᠲᠤᠭ ᠪᠡᠯᠴᠢᠭᠡᠷ ᠪᠣᠯᠤᠨ ᠤᠢ ᠰᠢᠭᠤᠢ ᠶᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠵᠡᠷᠭᠡ ᠲᠦᠷᠢᠮ ᠢ ᠴᠢᠩᠭ᠎ᠠ ᠬᠡᠷᠡᠭᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠰᠤ ᠬᠡᠷᠡᠭᠯᠡᠬᠦ ᠬᠡᠯᠪᠡᠷᠢ ᠶᠢ ᠡᠷᠴᠢᠮᠵᠢᠭᠦᠯᠦᠨ ᠥᠨᠳᠥᠷ ᠪᠦᠲᠦᠮᠵᠢᠲᠡᠢ ᠪᠣᠯᠭᠠᠬᠤ ᠲᠡᠶᠢᠰᠢ ᠬᠤᠪᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠣᠷᠴᠢᠨ ᠲᠣᠭᠤᠷᠢᠨ ᠤ ︽ᠳᠠᠷᠤᠭᠠᠰᠤ︾ ᠶᠢ ᠦᠷᠭᠦᠯᠵᠢᠯᠡᠨ ᠬᠥᠩᠭᠡᠷᠡᠭᠦᠯᠵᠦ᠂ ᠠᠮᠢ ᠠᠬᠤᠢ ᠶᠢᠨ ︽ᠪᠠᠭᠲᠠᠭᠠᠮᠵᠢ ᠶᠢ ᠨᠡᠮᠡᠭᠳᠡᠭᠦᠯᠬᠦ︾ ᠬᠡᠷᠡᠭᠳᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠣᠷᠣᠨ ᠤ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠢᠮᠠᠭᠳᠠ ᠪᠠᠲᠤ ᠴᠡᠭᠡᠵᠢᠯᠡᠨ᠂ ᠮᠥᠷᠥᠨ ᠳᠡᠭᠡᠨ ᠡᠭᠦᠷᠴᠦ᠂ ᠡᠷᠡᠰ ᠪᠠᠳᠤ ᠪᠠᠷ ᠤᠯᠤᠰ ᠲᠦᠷᠦ ᠶᠢᠨ ᠲᠠᠯ᠎ᠠ ᠠᠴᠠ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠦᠵᠡᠬᠦ ᠪᠠ ᠠᠬᠢᠭᠤᠯᠵᠤ᠂ ᠦᠨᠡᠨ ᠪᠤᠳᠠᠳᠠᠢ᠂ ᠮᠡᠳᠡᠭᠳᠡᠮ᠎ᠡ᠂ ᠪᠦᠲᠦᠮᠵᠢᠲᠡᠶ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠰᠠᠶᠢᠲᠤᠷ ᠥᠷᠨᠢᠭᠦᠯᠵᠦ᠂ ᠬᠡᠯᠪᠡᠷᠢᠯ ᠢ ᠵᠠᠯᠠᠷᠠᠭᠤᠯᠵᠤ ᠴᠢᠭᠯᠡᠯ ᠢ ᠵᠦᠪ ᠪᠤᠯᠭᠠᠬᠤ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠲᠣᠪᠤᠶᠢᠮ᠎ᠠ ᠠᠰᠠᠭᠤᠳᠠᠯ ᠢ ᠬᠦᠴᠦᠯᠡᠨ ᠰᠢᠶ᠋ᠳᠪᠦᠷᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠠᠵᠢᠯ ᠢ ᠦᠨᠡᠨ ᠬᠦ ᠪᠣᠳᠠᠲᠠᠢ ᠬᠢᠬᠦ᠂ ᠨᠠᠷᠢᠨ ᠵᠦᠢᠯᠡᠰ ᠲᠤ ᠨᠠᠶᠢᠳᠠᠪᠦᠷᠢᠵᠢᠭᠤᠯᠬᠤ ᠶᠢ ᠪᠡᠶᠡᠯᠡᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠶᠢᠨ ᠲᠥᠯᠥᠭᠡ ᠭᠡᠷᠡᠯ ᠭᠢᠯᠪᠠᠭ᠎ᠠ ᠨᠡᠮᠡᠷᠢᠯᠡᠬᠦ ᠬᠡᠷᠡᠭᠳᠡᠢ ᠭᠡᠵᠤ ᠵᠢᠭᠠᠵᠤ ᠭᠠᠷᠭᠠᠪᠠ᠃        ᠱᠢ ᠲᠠᠢ ᠹᠧᠩ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠯᠠᠪᠳᠠᠭᠤᠨ ᠪᠠᠲᠤᠲᠠᠶ ᠭᠦᠨᠵᠡᠭᠡᠶ ᠰᠠᠶᠢᠲᠤᠷ ᠠᠳᠬᠤᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠯᠠᠭᠤᠨ ᠥᠷᠨᠢᠯᠲᠡ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠰᠢᠨ᠎ᠡ ᠥᠷᠨᠢᠯᠲᠡ ᠶᠢ ᠪᠤᠢ ᠪᠤᠯᠭᠠᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠣᠭᠤᠳᠴᠤ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠠᠴᠠ ᠣᠶᠤᠨ ᠤᠬᠠᠭᠠᠨ ᠪᠠ ᠬᠦᠴᠦᠨ ᠴᠢᠳᠠᠯ ᠢ ᠦᠨᠡᠨ ᠬᠦ ᠰᠢᠩᠭᠡᠭᠡᠨ ᠠᠪᠴᠤ᠂ ︽ᠬᠤᠶᠠᠷ ᠢ ᠬᠠᠮᠠᠭᠠᠯᠠᠬᠤ︾ ᠶᠢ ᠦᠶ᠋ᠯᠡᠳᠦᠯᠭᠡᠵᠢᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠨᠠᠩ ᠴᠤᠭ ᠪᠠᠳᠠᠷᠠᠩᠭᠤᠶ ᠲᠡᠮᠡᠴᠡᠯ ᠤᠨ ᠢᠳᠡᠬᠡᠯ ᠵᠣᠷᠢᠭ ᠢᠶᠠᠷ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号