ᠸᠠᠩ ᠸᠠᠩ ᠱᠧᠩ ᠯᠢᠶᠠᠨ ᠳ᠋ᠦᠩ ᠪᠦᠯᠦᠭᠯᠡᠯ ᠤᠨ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠭᠴᠢ ᠸᠠᠩ ᠭᠦᠸᠧ ᠶᠢᠨ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2021/11/29
           11 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠯᠢᠶᠠᠨ ᠳ᠋ᠦᠩ ᠪᠦᠯᠦᠭᠯᠡᠯ ᠤᠨ ᠳᠡᠭᠡᠳᠦ ᠵᠡᠷᠭᠡ ᠶᠢᠨ ᠳᠡᠳ᠋ ᠶᠡᠷᠦᠩᠬᠡᠶ ᠵᠠᠬᠢᠷᠤᠭᠴᠢ ᠸᠠᠩ ᠭᠦᠸᠧ ᠶᠢᠨ ᠨᠡᠷ ᠲᠠᠢ ᠠᠭᠤᠯᠵᠠᠭᠰᠠᠨ ᠪᠥᠭᠡᠳ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠥᠷᠨᠢᠭᠦᠯᠬᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠪᠠ᠃        ᠸᠠᠩ ᠸᠠᠩ ᠱᠧᠩ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠯᠢᠶᠠᠨ ᠳ᠋ᠦᠩ ᠪᠦᠯᠦᠭᠯᠡᠯ ᠤᠨ ᠤᠯᠠᠭᠠᠨᠬᠠᠳᠠ ᠳᠤ ᠰᠢᠨᠵᠢᠯᠡᠨ ᠪᠠᠶᠢᠴᠠᠭᠠᠬᠤ ᠪᠠᠷ ᠢᠷᠡᠵᠤ ᠬᠠᠷᠢᠯᠴᠠᠨ ᠠᠶᠢᠯᠴᠢᠯᠠᠯᠲᠠ ᠬᠢᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠤᠯᠠᠭᠠᠨᠬᠠᠳᠠ ᠶᠢᠨ ᠣᠷᠣᠨ ᠪᠠᠶᠢᠷᠢ ᠶᠢᠨ ᠳᠠᠪᠠᠭᠤᠯᠢᠭ ᠳᠣᠪᠤᠶᠢᠮ᠎ᠠ᠂ ᠠᠵᠤ ᠦᠢᠯᠡᠰ ᠤᠨ ᠰᠠᠭᠤᠷᠢ ᠯᠠᠪᠳᠠᠭᠤᠨ ᠪᠠᠲᠤᠲᠠᠢ ᠪᠠᠶᠢᠵᠤ᠂ ᠣᠳᠣᠬᠠᠨ ᠳᠤ ︽ᠲᠠᠪᠤᠨ ᠪᠠᠶᠢᠷᠢ ᠲᠣᠭᠲᠠᠭᠠᠯᠲᠠ︾ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠨ᠂ ︽ᠵᠢᠷᠭᠤᠭᠠᠨ ᠤᠯᠠᠭᠠᠨᠬᠠᠳᠠ︾ ᠶᠢ ᠪᠦᠳᠦᠭᠡᠨ ᠪᠠᠶᠢᠭᠤᠯᠵᠤ᠂ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠪᠤᠰᠬᠠᠬᠤ ᠳᠤ ᠰᠠᠶᠢᠨ ᠰᠠᠶᠢᠬᠠᠨ ᠲᠠᠪᠴᠠᠩ ᠪᠠᠶᠢᠭᠤᠯᠤᠨ᠂ ᠥᠷᠭᠡᠨ ᠠᠭᠤᠳᠠᠮ ᠣᠷᠣᠨ ᠵᠠᠢ ᠬᠠᠩᠭᠠᠪᠠ᠃ ᠯᠢᠶᠠᠨ ᠳ᠋ᠦᠩ ᠪᠦᠯᠦᠭᠯᠡᠯ ᠨᠢ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠡᠭᠡᠭᠡᠨ ᠬᠥᠭᠵᠢᠭᠦᠯᠵᠦ ᠡᠵᠡᠩᠨᠡᠬᠦ ᠬᠦᠷᠢᠶᠡᠨ ᠳᠠᠬᠢ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠳᠤᠷᠠᠳᠤᠨ ᠭᠠᠷᠭᠠᠭᠰᠠᠨ ︽U ᠬᠥᠨᠳᠡᠶ ᠶᠢᠨ ᠬᠡᠯᠪᠡᠷᠢ︾ ᠨᠢ ᠵᠠᠬ᠎ᠠ ᠳᠡᠯᠭᠡᠭᠦᠷᠴᠢᠯᠡᠭᠰᠡᠨ᠂ ᠡᠷᠴᠢᠮᠵᠢᠭᠦᠯᠦᠭᠰᠡᠨ ᠬᠦᠷᠢᠶᠡᠯᠡᠩ ᠲᠣᠭᠤᠷᠢᠭ ᠤᠨ ᠬᠡᠯᠪᠡᠷᠢ ᠶᠢᠨ ᠠᠩᠬᠠᠨ ᠤ ᠵᠠᠮ ᠢ ᠨᠡᠭᠡᠭᠡᠵᠦ᠂ ᠤᠯᠠᠭᠠᠨᠬᠠᠳᠠ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠯᠢᠶᠠᠨ ᠳ᠋ᠦᠩ ᠪᠦᠯᠦᠭᠯᠡᠯ ᠨᠢ ᠤᠯᠠᠭᠠᠨᠬᠠᠳᠠ ᠶᠢ ᠭᠦᠨᠵᠡᠭᠡᠢ ᠣᠶᠢᠯᠠᠭᠠᠨ᠂ ᠤᠯᠠᠭᠠᠨᠬᠠᠳᠠ ᠳᠤ ᠰᠠᠭᠤᠷᠢᠰᠢᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠤᠯᠠᠭᠠᠨᠬᠠᠳᠠ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠪᠣᠯᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠠᠵᠤ ᠦᠢᠯᠡᠰ᠂ ᠲᠦᠷᠦᠯ ᠵᠦᠢᠯ ᠢ ᠬᠦᠷᠢᠶᠡᠯᠡᠩ ᠲᠣᠭᠤᠷᠢᠭ ᠲᠡᠰᠢ ᠲᠥᠪᠯᠡᠷᠡᠭᠦᠯᠬᠦ ᠶᠢ ᠬᠦᠳᠦᠯᠦᠨ ᠵᠢᠯᠣᠭᠤᠳᠴᠤ᠂ ᠬᠦᠷᠢᠶᠡᠯᠡᠩ ᠲᠣᠭᠤᠷᠢᠭ ᠢ ᠴᠢᠨᠠᠷ ᠰᠠᠶᠢᠲᠠᠢ ᠬᠥᠭᠵᠢᠯᠲᠡ ᠶᠢᠨ ᠭᠤᠣᠯ ᠳᠠᠶᠢᠨ ᠤ ᠲᠠᠯᠠᠪᠤᠷ ᠪᠣᠯᠭᠠᠨ ᠪᠦᠳᠦᠬᠡᠨ ᠪᠠᠶᠢᠭᠤᠯᠬᠤ ᠶᠢ ᠬᠦᠰᠡᠵᠦ ᠪᠠᠶᠢᠨ᠎ᠠ ᠭᠡᠪᠡ᠃        ᠸᠠᠩ ᠭᠦᠸᠧ ᠶᠢᠨ ᠠᠴᠠ ᠯᠢᠶᠠᠨ ᠳ᠋ᠦᠩ ᠪᠦᠯᠦᠭᠯᠡᠯ ᠵᠢᠴᠢ ᠯᠢᠶᠠᠨ ᠳ᠋ᠦᠩ ᠺᠣᠮᠫᠠᠨᠢ ᠶᠢᠨ U ᠬᠥᠨᠳᠡᠶ ᠶᠢᠨ ᠲᠣᠪᠴᠢ ᠪᠠᠶᠢᠳᠠᠯ ᠢ ᠲᠠᠨᠢᠯᠴᠠᠭᠤᠯᠪᠠ᠃ ᠲᠡᠷᠡ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠬᠦᠴᠦᠲᠡᠶ ᠠᠳᠬᠤᠵᠤ᠂ ᠪᠥᠬᠦ ᠬᠦᠴᠦᠨ ᠢᠶᠠᠷ ᠢᠶᠠᠨ ᠬᠥᠭᠵᠢᠭᠦᠯᠬᠦ ᠪᠠᠷ ᠴᠢᠷᠮᠠᠶᠢᠵᠤ᠂ ᠬᠤᠲᠠ ᠶᠢᠨ ᠳᠦᠷᠰᠦ ᠪᠠᠶᠢᠳᠠᠯ ᠯᠤᠲᠤ ᠶᠡᠭᠡ ᠬᠤᠪᠢᠷᠠᠯᠲᠠ ᠭᠠᠷᠴᠤ᠂ ᠠᠵᠤ ᠠᠬᠤᠶ ᠶᠢᠨ ᠪᠣᠳᠠᠲᠤ ᠬᠦᠴᠦᠨ ᠢ ᠢᠯᠡᠳᠲᠡ ᠳᠡᠭᠡᠭᠰᠢᠯᠡᠭᠦᠯᠪᠡ᠃ ᠪᠦᠯᠦᠭᠯᠡᠯ ᠤᠨ ᠬᠢᠨ ᠤᠯᠠᠭᠠᠨᠬᠠᠳᠠ ᠶᠢᠨ ᠲᠦᠷᠭᠡᠨ ᠬᠥᠭᠵᠢᠯᠲᠡ ᠶᠢᠨ ᠠᠬᠢᠴᠠ ᠳᠤ ᠣᠷᠣᠯᠴᠠᠵᠤ᠂ ᠯᠢᠶᠠᠨ ᠳ᠋ᠦᠩ U ᠬᠥᠨᠳᠡᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠠᠬᠢ ᠪᠦᠬᠦᠯᠢ ᠴᠣᠭᠴᠠ ᠶᠢᠨ ᠨᠡᠭᠡᠭᠡᠨ ᠬᠥᠭᠵᠢᠭᠦᠯᠦᠯᠲᠡ᠂ ᠦᠷᠭᠦᠯᠵᠢᠯᠡᠨ ᠡᠵᠡᠩᠨᠡᠬᠦ ᠲᠠᠯ᠎ᠠ ᠶᠢᠨ ᠲᠤᠷᠰᠢᠯᠭ᠎ᠠ ᠪᠣᠯᠤᠨ ᠳᠠᠪᠠᠭᠤᠯᠢᠭ ᠢ ᠤᠯᠠᠭᠠᠨᠬᠠᠳᠠ ᠳᠤ ᠬᠡᠷᠡᠭᠯᠡᠨ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃        ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠬᠤᠤ ᠨᠠᠨ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠧᠨ᠂ ᠬᠤᠯᠪᠣᠭᠳᠠᠯ ᠪᠦᠬᠦᠢ ᠭᠠᠵᠠᠷ ᠣᠷᠣᠨ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠠᠷ ᠶᠠᠷᠢᠯᠴᠠᠬᠤ ᠬᠤᠷᠠᠯ ᠳᠤ ᠣᠷᠣᠯᠴᠠᠪᠠ᠃        ᠣᠶᠢᠯᠠᠭᠠᠭᠰᠠᠨ ᠢᠶᠠᠷ᠂ ᠯᠢᠶᠠᠨ ᠳ᠋ᠦᠩ ᠪᠦᠯᠦᠭᠯᠡᠯ 2003 ᠣᠨ ᠳᠤ ᠡᠩ ᠲᠡᠷᠢᠭᠦᠨ ᠳᠤ ︽U ᠬᠥᠨᠳᠡᠶ ᠶᠢᠨ ᠬᠡᠯᠪᠡᠷᠢ︾ ᠶᠢ ᠳᠤᠷᠠᠳᠤᠨ ᠭᠠᠷᠭᠠᠵᠤ᠂ ᠪᠦᠬᠦᠯᠢ ᠴᠣᠭᠴᠠ ᠪᠠᠷ ᠨᠡᠭᠡᠭᠡᠨ ᠬᠥᠭᠵᠢᠭᠦᠯᠬᠦ ᠪᠠ ᠦᠷᠭᠦᠯᠵᠢᠯᠡᠨ ᠡᠵᠡᠩᠨᠡᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠥᠬᠦ ᠶᠠᠪᠤᠴᠠ ᠶᠢ ᠰᠢᠢᠳᠪᠦᠷᠢᠯᠡᠬᠦ ᠲᠥᠰᠦᠯ ᠢ ᠬᠠᠩᠭᠠᠭᠰᠠᠨ ᠪᠠᠶᠢᠨ᠎ᠠ᠃ ᠣᠳᠣᠬᠠᠨ ᠳᠤ᠂ ᠪᠦᠯᠦᠭᠯᠡᠯ ᠳᠣᠤᠷᠠᠬᠢ ᠭᠤᠤᠯᠯᠠᠭᠴᠢ ᠠᠵᠤ ᠠᠬᠤᠶᠢᠯᠠᠯ ︽ᠯᠢᠶᠠᠨ ᠳ᠋ᠦᠩ U ᠬᠥᠨᠳᠡᠶ︾ ᠨᠢ ᠨᠢᠭᠡᠨᠲᠡ ᠪᠥᠬᠦ ᠤᠯᠤᠰ ᠤᠨ 69 ᠬᠤᠲᠠ ᠳᠤ 314 ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠯᠠ ᠣᠷᠣᠭᠤᠯᠤᠨ ᠡᠵᠡᠩᠨᠡᠵᠦ᠂ ᠰᠢᠨ᠎ᠡ ᠪᠠᠷ ᠬᠥᠭᠵᠢᠭᠰᠡᠨ ᠦᠢᠯᠡᠳᠬᠦ ᠦᠢᠯᠡᠰ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ 13000 ᠭᠠᠷᠤᠶ ᠣᠷᠣᠭᠤᠯᠤᠨ ᠦᠢᠯᠡᠴᠢᠯᠡᠵᠦ᠂ 10 ᠵᠢᠯ ᠳᠠᠷᠠᠭᠠᠯᠠᠨ ︽ᠳᠤᠮᠳᠠᠳᠤ ᠤᠯᠤᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠰᠢᠯᠢᠳᠡᠭ ᠠᠵᠤ ᠠᠬᠤᠶᠢᠯᠠᠯ︾ ︽ᠳᠤᠮᠳᠠᠳᠤ ᠤᠯᠤᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠬᠤᠳᠠᠯᠳᠤᠭᠠᠴᠢᠨ ᠤ ᠰᠢᠯᠢᠳᠡᠭ ᠨᠠᠷᠠᠲᠤ ᠲᠡᠮᠳᠡᠭ︾ ᠤᠨ ᠨᠡᠷᠡᠰ ᠤᠨ ᠵᠢᠭᠰᠠᠭᠠᠯᠲᠠ ᠳᠤ ᠲᠡᠷᠢᠭᠦᠨ ᠳᠤ ᠵᠢᠭᠰᠠᠭᠠᠭᠳᠠᠵᠠᠶ᠃    
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号