ᠸᠠᠩ ᠸᠠᠩ ᠱᠧᠩ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/29
           11 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠪᠥᠬᠦ ᠬᠤᠲᠠ ᠶᠢᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠥᠬᠦᠶ ᠴᠡᠭᠴᠡᠯᠡᠨ ᠵᠠᠰᠠᠬᠤ ᠪᠠ ᠭᠤᠤᠯᠳᠠᠯᠭ᠎ᠠ ᠲᠠᠢ ᠠᠵᠢᠯ ᠳᠤ ᠳᠠᠬᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ᠃        ᠬᠤᠷᠠᠯ ᠠᠴᠠ᠂ ᠪᠦᠬᠦ ᠬᠤᠳᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠨᠤᠲᠤᠭ ᠪᠡᠯᠴᠢᠭᠡᠷ ᠰᠢᠭᠤᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠢᠷᠡᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠱᠠᠳᠤᠴᠢ ᠴᠢᠨᠠᠷᠲᠠᠢ ᠦᠷ᠎ᠡ ᠪᠦᠲᠦᠮᠵᠢ ᠣᠯᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠤᠰᠬᠠᠢ ᠴᠡᠭᠴᠡᠯᠡᠨ ᠵᠠᠰᠠᠵᠤ ᠰᠠᠶᠢᠵᠢᠷᠠᠭᠤᠯᠬᠤ ᠠᠵᠢᠯ ᠢ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠬᠤ᠂ ︽ᠲᠦᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢᠨ ᠪᠣᠳᠠᠲᠠᠢ ᠠᠵᠢᠯᠯᠠᠭ᠎ᠠ ᠪᠣᠯᠭᠠᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠭᠦᠢᠴᠡᠳᠬᠡᠬᠦ ᠶᠢ ᠪᠠᠷᠢᠮᠲᠠᠯᠠᠨ᠂ ᠴᠡᠭᠴᠡᠯᠡᠨ ᠵᠠᠰᠠᠵᠤ ᠰᠠᠶᠢᠵᠢᠷᠠᠭᠤᠯᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠢᠯ ᠤᠨ ᠪᠣᠳᠠᠲᠤ ᠠᠮᠵᠢᠯᠲᠠ ᠪᠠᠷ ᠢᠶᠠᠨ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠬᠦ ᠶᠢ ᠲᠠᠶᠢᠯᠪᠤᠷᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠴᠠᠭ ᠤᠨ ᠬᠢᠵᠠᠭᠠᠷ ᠤᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠬᠤᠭᠤᠴᠠᠭ᠎ᠠ ᠶᠢ ᠲᠣᠭᠲᠠᠭᠠᠨ᠂ ᠲᠥᠯᠦᠪᠯᠡᠭᠡ ᠶᠣᠰᠤᠭᠠᠷ ᠪᠡᠶᠡᠯᠡᠭᠦᠯᠵᠦ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠴᠡᠭᠴᠡᠯᠡᠨ ᠵᠠᠰᠠᠵᠤ ᠰᠠᠶᠢᠵᠢᠷᠠᠭᠤᠯᠬᠤ ᠠᠵᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠱᠠᠲᠤᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠣᠶᠢᠯᠠᠭᠠᠨ᠂ ᠪᠢᠴᠢᠭ ᠮᠠᠲ᠋ᠧᠷᠢᠶᠠᠯ ᠲᠦᠷᠦ ᠶᠢᠨ ᠪᠤᠳᠤᠯᠭ᠎ᠠ ᠶᠢ ᠭᠦᠨᠵᠡᠭᠡᠢ ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠢᠭᠡ ᠶᠢ ᠴᠡᠭᠴᠡᠯᠡᠨ ᠰᠠᠶᠢᠵᠢᠷᠠᠭᠤᠯᠪᠠᠯ ᠨᠢᠭᠡ ᠶᠢ ᠬᠠᠰᠤᠵᠤ᠂ ᠥᠨᠴᠥᠭ ᠪᠤᠯᠤᠩ ᠦᠯᠡᠳᠡᠭᠡᠬᠦ ᠦᠭᠡᠢ᠂ ᠳᠠᠯᠳᠠ ᠭᠡᠮ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠨᠢ ᠴᠠᠭ ᠬᠤᠭᠤᠴᠠᠭ᠎ᠠ ᠪᠠ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃        ᠬᠤᠷᠠᠯ ᠠᠴᠠ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠰᠤᠷᠭᠠᠨ ᠬᠥᠮᠦᠵᠢᠯ ᠤᠨ ︽ᠬᠤᠶᠠᠷ ᠢ ᠪᠠᠭᠠᠰᠬᠠᠬᠤ︾᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠠᠴᠠ ᠭᠠᠷᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠦᠢᠯᠡᠴᠢᠯᠡᠬᠦ ᠡᠲᠡᠭᠡᠳ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠦᠶᠡᠯᠡᠯ ᠤᠨ᠂ ᠪᠦᠬᠦ ᠲᠠᠯ᠎ᠠ ᠶᠢᠨ᠂ ᠪᠦᠬᠦ ᠶᠠᠪᠤᠴᠠ ᠶᠢᠨ ᠦᠢᠯᠡᠴᠢᠯᠡᠭᠡ ᠶᠢ ᠣᠨᠤᠴᠠᠲᠠᠢ ᠬᠠᠩᠭᠠᠵᠤ᠂ ᠪᠦᠬᠦ ᠬᠤᠳᠠ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠤ ᠰᠢᠨ᠎ᠡ ᠳᠡᠭᠲᠡᠷ ᠲᠤ ᠭᠠᠷᠬᠤ᠂ ᠳᠠᠬᠢᠨ ᠰᠢᠨ᠎ᠡ ᠲᠦᠪᠰᠢᠨ ᠳᠤ ᠬᠦᠷᠬᠦ ᠶᠢ ᠠᠬᠢᠭᠤᠯᠤᠨ᠂ ᠤᠯᠠᠨ ᠲᠦᠮᠡᠨ ᠪᠣᠯᠤᠨ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ᠂ ᠳᠥᠭᠦᠮ ᠳᠥᠲᠡ ᠬᠡᠮᠵᠢᠶ᠎ᠡ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︔ ᠪᠥᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ︽ᠳᠥᠷᠪᠡᠨ ᠵᠠᠭᠤᠨ ᠤ ᠵᠠᠭᠤ︾ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠴᠢᠩᠭ᠎ᠠ ᠠᠩᠬᠠᠷᠴᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠵᠢᠯ ᠤᠨ ᠡᠴᠦᠰ ᠠᠴᠠ ᠡᠮᠦᠨ᠎ᠡ ᠠᠵᠢᠯ ᠤᠨ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ︔ ᠬᠢᠵᠢᠭ ᠢ ᠰᠡᠷᠭᠡᠶᠢᠯᠡᠨ ᠡᠵᠡᠮᠳᠡᠬᠦ ᠬᠥᠪᠴᠢ ᠶᠢ ᠴᠢᠩᠭᠠᠷᠠᠭᠤᠯᠤᠨ᠂ ︽ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ︾ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠳ᠋ ᠪᠣᠳᠠᠰ ᠨᠥᠭᠡᠴᠡᠯᠡᠬᠦ᠂ ᠸᠠᠺᠼᠢᠨ ᠤ ᠲᠠᠷᠢᠯᠭ᠎ᠠ ᠬᠢᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠢᠵᠢᠭ ᠢ ᠰᠡᠷᠭᠡᠶᠢᠯᠡᠨ ᠡᠵᠡᠮᠳᠡᠬᠦ ︽ᠰᠡᠷᠭᠡᠶᠢᠯᠡᠯᠲᠡ ᠶᠢᠨ ᠬᠡᠷᠡᠮ︾ ᠢ ᠪᠠᠲᠤᠳᠬᠠᠬᠤ ᠬᠡᠷᠡᠭᠲᠡᠢ︔ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠦᠷᠢᠶᠡᠨ ᠳᠠᠬᠢ ᠭᠡᠮ ᠰᠣᠭᠤᠭ ᠤᠨ ᠪᠠᠶᠢᠴᠠᠭᠠᠯᠲᠠ ᠶᠢ ᠴᠢᠩᠭᠠᠳᠬᠠᠨ᠂ ᠨᠢᠭᠡ ᠪᠦᠯᠦᠭ ᠳᠤᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠪᠠᠰᠠ ᠪᠦᠬᠦ ᠣᠷᠣᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠪᠣᠯᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠬᠤᠶᠢᠰᠢᠳᠠ ᠶᠢᠨ ᠦᠨᠡᠯᠡᠨ ᠵᠢᠱᠢᠬᠦ ᠪᠡᠯᠡᠳᠬᠡᠯ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ᠂ ᠬᠡᠷᠡᠭ ᠤᠨ ᠵᠢᠱᠢᠶ᠎ᠡ ᠪᠠᠷ ᠥᠭᠡᠷᠡᠴᠢᠯᠡᠯᠲᠡ ᠶᠢ ᠠᠬᠢᠭᠤᠯᠬᠤ᠂ ᠰᠤᠷᠭᠠᠨ ᠬᠥᠮᠦᠵᠢᠯ ᠤᠨ ︽ᠬᠤᠶᠠᠷ ᠢ ᠪᠠᠭᠠᠰᠬᠠᠬᠤ︾ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃        ᠬᠤᠷᠠᠯ ᠨᠢ ᠳᠦᠷᠰᠦᠲᠦ ᠨᠡᠪᠲᠡᠷᠡᠭᠦᠯᠭᠡ ᠶᠢᠨ ᠬᠡᠯᠪᠡᠷᠢ ᠪᠠᠷ ᠶᠠᠪᠤᠭᠳᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠱᠧᠩ ᠰᠢᠶᠣᠣ ᠶᠢᠤ᠂ ᠬᠤᠲᠠ ᠶᠢᠨ ᠳᠡᠳ᠋ ᠳᠠᠷᠤᠭ᠎ᠠ ᠭᠦᠸᠧ ᠰᠢ᠂ ᠯᠢ ᠵᠢᠩ ᠵᠢᠩ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠬᠤᠲᠠ ᠶᠢᠨ ᠤᠳᠤᠷᠢᠳᠤᠯᠭ᠎ᠠ ᠬᠤ᠋ ᠴᠢᠩ ᠹᠧᠩ᠂ ᠰᠦᠨ ᠬᠠᠶ ᠲᠤᠤ᠂ ᠮᠧᠩ ᠰᠢᠶᠤᠤ ᠪᠢᠩ ᠬᠤᠷᠠᠯ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠠᠷ ᠣᠶ ᠰᠢᠭᠤᠶ ᠡᠪᠡᠰᠦ ᠪᠡᠯᠴᠢᠭᠡᠷ ᠢ ᠴᠡᠭᠴᠡᠯᠡᠨ ᠵᠠᠰᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠲᠠᠪᠤᠨ ᠵᠦᠢᠯ ᠤᠨ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠧᠨ ᠬᠤᠷᠠᠯ ᠳᠤ ᠣᠷᠤᠯᠴᠠᠪᠠ᠃    
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号