ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠤᠭᠤᠮᠳᠠ ᠰᠢᠪᠳᠤᠯᠬᠤ ᠶᠢ ᠲᠦᠷᠭᠡᠳᠭᠡᠵᠤ ᠪᠦᠬᠦ ᠤᠯᠤᠰ ᠤᠨ ᠨᠢᠭᠡᠳᠦᠯᠲᠡᠢ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠳᠦᠷᠢᠮ ᠢ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/11/29
           ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 24 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ ᠰᠢ ᠶᠢᠨ ᠫᠢᠩ 11 ᠰᠠᠷ᠎ᠠ ᠶᠢᠨ 24 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠭᠤᠷᠪᠠᠨ ᠵᠢᠯ ᠤᠨ ᠪᠣᠭᠤᠮᠲᠠ ᠰᠢᠪᠲᠤᠯᠬᠤ ᠲᠥᠰᠦᠯ ︵2021 — 2023 ᠤᠨ︶︾᠂ ︽ᠪᠥᠬᠦ ᠤᠯᠤᠰ ᠤᠨ ᠨᠢᠭᠡᠳᠦᠯᠲᠡᠶ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠰᠢᠰᠲ᠋ᠧᠮ ᠢ ᠲᠦᠷᠭᠡᠳᠭᠡᠨ ᠪᠠᠶᠢᠭᠤᠯᠬᠤ ᠲᠤᠬᠠᠶ ᠵᠢᠯᠣᠭᠤᠳᠬᠤ ᠰᠠᠨᠠᠯ︾᠂ ︽ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠲᠦᠷᠢᠮ ᠢ ᠪᠠᠶᠢᠭᠤᠯᠬᠤ ᠲᠤᠬᠠᠶ ᠰᠠᠨᠠᠯ ︵ᠲᠤᠷᠰᠢᠨ ᠬᠡᠷᠡᠭᠵᠢᠭᠦᠯᠬᠦ︶︾᠂ ︽ᠲᠡᠦᠬᠡ ᠶᠢᠨ ᠳᠤᠷᠠᠰᠬᠠᠯᠲᠤ ᠵᠦᠶ᠋ᠯᠡᠰ ᠢ ᠠᠮᠢᠯᠠᠭᠤᠯᠵᠤ᠂ ᠳᠤᠮᠳᠠᠳᠤ ᠶᠢᠨ ᠰᠣᠶᠣᠯ ᠤᠨ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠢ ᠥᠷᠭᠡᠳᠭᠡᠬᠦ ᠲᠤᠬᠠᠶ ᠬᠡᠷᠡᠭᠵᠢᠭᠦᠯᠬᠦ ᠰᠠᠨᠠᠯ︾᠂ ︽ᠵᠥᠩ ᠭᠤᠸᠠᠨ ᠼᠦᠨ ᠤ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠤᠨ ᠥᠨᠳᠥᠷ ᠬᠢᠷᠢ ᠲᠦᠪᠰᠢᠨ ᠪᠥᠬᠦᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠦᠪᠡᠷ ᠢ ᠪᠠᠨ ᠬᠦᠴᠦᠷᠬᠡᠭᠵᠢᠭᠦᠯᠬᠦ ᠶᠢ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠬᠤ ᠥᠭᠡᠷᠡᠴᠢᠯᠡᠯᠲᠡ ᠥᠷᠨᠢᠭᠦᠯᠬᠦ ᠶᠢ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ ᠬᠢᠨᠠᠨ ᠵᠥᠪᠯᠡᠵᠦ ᠪᠠᠳᠤᠯᠠᠵᠠᠢ᠃        ᠰᠢ ᠶᠢᠨ ᠫᠢᠩ ᠬᠤᠷᠠᠯ ᠢ ᠡᠷᠬᠢᠯᠡᠬᠦ ᠳᠡᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠥᠷᠨᠢᠭᠦᠯᠬᠦ ᠶᠢᠨ ᠵᠣᠷᠢᠯᠭ᠎ᠠ ᠨᠢ ᠪᠠᠶᠢᠭᠤᠯᠤᠮᠵᠢ ᠲᠣᠭᠲᠡᠴᠡ ᠶᠢᠨ ᠲᠠᠯ᠎ᠠ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠪᠠᠴᠢᠮ ᠪᠠᠶᠢᠳᠠᠯ ᠢ ᠠᠷᠭᠠᠴᠡᠭᠠᠬᠤ ᠬᠤᠪᠢᠷᠠᠯᠲᠠ ᠶᠢ ᠠᠷᠭᠠᠴᠡᠭᠠᠬᠤ ᠴᠢᠳᠠᠪᠤᠷᠢ ᠶᠢ ᠴᠢᠩᠭᠠᠳᠬᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠵᠦ᠂ ᠬᠠᠷᠠᠯᠲᠠ ᠪᠠᠨ ᠴᠢᠭᠯᠡᠨ᠂ ᠤᠨᠢᠨ ᠳᠡᠭᠡᠷ᠎ᠡ ᠨᠢ ᠬᠦᠴᠦᠯᠡᠵᠦ᠂ ᠡᠷᠲᠡᠬᠡᠨ ᠦᠷ᠎ᠡ ᠪᠦᠲᠦᠮᠵᠢ ᠣᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠠᠲᠤᠯᠠᠬᠤ ᠲᠦᠷᠢᠮ ᠤᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢᠭᠰᠡᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠵᠢᠮ᠎ᠡ ᠶᠣᠰᠣ ᠪᠠ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠢᠮ᠎ᠡ ᠶᠣᠰᠣ ᠶᠢ ᠵᠢᠷᠤᠮᠯᠠᠨ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠶᠡᠷᠦᠩᠬᠡᠢ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠴᠠᠬᠢᠯᠭᠠᠨ ᠬᠦᠴᠦᠨ ᠤ ᠡᠬᠢ ᠪᠠᠶᠠᠯᠢᠭ ᠢ ᠪᠦᠬᠦ ᠤᠯᠤᠰ ᠤᠨ ᠨᠡᠩ ᠶᠡᠭᠡ ᠬᠡᠪᠴᠢᠶᠡᠨ ᠳᠤ ᠬᠠᠮᠲᠤ ᠪᠠᠷ ᠡᠳ᠋ᠯᠡᠨ ᠬᠠᠷᠢᠯᠴᠠᠨ ᠲᠤᠰᠠᠯᠠᠬᠤ ᠪᠠ ᠰᠢᠯᠢᠳᠡᠭᠵᠢᠭᠦᠯᠦᠨ ᠲᠤᠬᠢᠷᠠᠭᠤᠯᠬᠤ ᠶᠢ ᠪᠡᠶᠡᠯᠡᠭᠦᠯᠵᠦ᠂ ᠨᠢᠭᠡᠳᠦᠯᠲᠡᠢ ᠪᠥᠭᠡᠳ ᠨᠡᠭᠡᠭᠡᠯᠲᠡ ᠲᠠᠢ᠂ ᠥᠷᠢᠰᠥᠯᠳᠦᠭᠡᠨ ᠨᠢ ᠡᠮᠬᠢ ᠵᠢᠷᠤᠮ ᠲᠠᠢ᠂ ᠠᠶᠤᠯᠭᠦᠢ ᠪᠥᠭᠡᠳ ᠥᠨᠳᠥᠷ ᠪᠦᠲᠦᠮᠵᠢᠲᠡᠢ᠂ ᠵᠠᠰᠠᠯᠲᠠ ᠨᠢ ᠪᠦᠷᠢᠨ ᠲᠡᠭᠦᠯᠳᠡᠷ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠰᠢᠰᠲ᠋ᠧᠮ ᠢ ᠲᠦᠷᠭᠡᠳᠭᠡᠨ ᠪᠦᠷᠢᠯᠳᠦᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠪᠣᠯ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠦᠨᠳᠦᠰᠦᠨ ᠪᠠᠲᠤᠯᠠᠭ᠎ᠠ ᠮᠥᠨ᠂ ᠳᠤᠮᠳᠠᠳᠤ ᠪᠠᠭ᠎ᠠ ᠰᠤᠷᠭᠠᠭᠤᠯᠢ ᠳᠤ ᠨᠠᠮ ᠤᠨ ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠲᠦᠷᠢᠮ ᠢ ᠪᠠᠶᠢᠭᠤᠯᠵᠤ᠂ ᠤᠯᠤᠰ ᠲᠦᠷᠦ ᠶᠢᠨ ᠪᠠᠷᠢᠮᠵᠢᠶ᠎ᠠ ᠪᠣᠯᠤᠨ ᠤᠯᠤᠰ ᠲᠦᠷᠦ ᠶᠢᠨ ᠱᠠᠭᠠᠷᠳᠠᠯᠭ᠎ᠠ ᠶᠢ ᠰᠤᠷᠭᠠᠭᠤᠯᠢ ᠶᠢ ᠡᠷᠬᠢᠯᠡᠵᠤ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠪᠦᠬᠦ ᠶᠠᠪᠤᠴᠠ ᠪᠦᠬᠦ ᠲᠠᠯ᠎ᠠ ᠳᠤ ᠲᠤᠭᠤᠰᠢᠯᠠᠭᠤᠯᠵᠤ ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠳᠤᠮᠳᠠᠳᠤ ᠪᠠᠭ᠎ᠠ ᠰᠤᠷᠭᠠᠭᠤᠯᠢ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠰᠤᠳᠤᠯᠤᠨ ᠲᠠᠶᠢᠯᠪᠤᠷᠢᠯᠠᠬᠤ ᠪᠠ ᠳᠡᠯᠭᠡᠨ ᠦᠵᠡᠭᠦᠯᠵᠦ ᠳᠡᠯᠭᠡᠷᠡᠭᠦᠯᠬᠦ ᠲᠦᠪᠰᠢᠨ ᠢ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠦᠨᠡᠨ ᠬᠦ ᠠᠮᠢᠯᠠᠭᠤᠯᠵᠤ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠦᠯᠡᠮᠵᠢ ᠶᠡᠭᠡ ᠰᠢᠮ᠎ᠡ ᠲᠡᠵᠢᠭᠡᠯ ᠪᠣᠯᠭᠠᠵᠤ᠂ ᠳᠤᠮᠳᠠᠳᠤ ᠶᠢᠨ ᠰᠣᠶᠣᠯ ᠤᠨ ᠳᠡᠯᠡᠬᠡᠢ ᠳᠠᠬᠢ ᠨᠥᠯᠥᠭᠡᠯᠡᠬᠦ ᠬᠦᠴᠦᠨ ᠢ ᠥᠷᠭᠡᠳᠭᠡᠬᠦ ᠴᠢᠬᠤᠯᠠ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠢ᠃ ᠵᠥᠩ ᠭᠤᠸᠠᠨ ᠼᠦᠨ ᠤ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠪᠠ ᠲᠦᠷᠢᠮ ᠤᠨ ᠰᠢᠨ᠎ᠡ ᠶᠢ ᠡᠭᠦᠳᠬᠦ ᠳᠠᠪᠠᠭᠤᠯᠢᠭ ᠢ ᠨᠠᠩ ᠰᠠᠶᠢᠲᠤᠷ ᠪᠠᠳᠠᠷᠠᠭᠤᠯᠵᠤ᠂ ᠥᠨᠳᠥᠷ ᠲᠦᠪᠰᠢᠨ ᠪᠥᠬᠦᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠥᠭᠡᠷᠡᠴᠢᠯᠡᠯᠲᠡ ᠶᠢ ᠥᠷᠨᠢᠭᠦᠯᠬᠦ ᠶᠢ ᠳᠡᠮᠵᠢᠬᠦ ᠬᠡᠷᠡᠭᠳᠠᠢ ᠭᠡᠵᠤ ᠴᠢᠬᠤᠯᠠᠴᠢᠯᠠᠵᠠᠢ᠃        ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠬᠤᠷᠠᠯ ᠳᠤ ᠣᠷᠣᠯᠴᠠᠪᠠ᠃        ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠰᠢᠰᠲ᠋ᠧᠮ ᠲᠠᠢ ᠪᠠᠶᠢᠷᠢᠯᠠᠭᠤᠯᠤᠨ ᠪᠦᠬᠦᠯᠢ ᠴᠣᠭᠴᠠ ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠤ ᠰᠠᠭᠤᠷᠢ ᠴᠢᠨᠠᠷᠲᠠᠢ ᠲᠦᠷᠢᠮ ᠢ ᠦᠨᠳᠦᠰᠦᠨ ᠳᠡᠭᠡᠨ ᠲᠣᠭᠲᠠᠭᠠᠵᠤ᠂ ᠵᠠᠷᠢᠮ ᠴᠢᠬᠤᠯᠠ ᠬᠦᠷᠢᠶ᠎ᠠ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠮᠥᠨ ᠴᠢᠨᠠᠷ ᠤᠨ ᠠᠬᠢᠴᠠ ᠲᠠᠢ ᠪᠤᠯᠵᠤ᠂ ᠴᠥᠭᠡᠨ ᠪᠤᠰᠤ ᠬᠦᠴᠢᠷ ᠠᠰᠠᠭᠤᠳᠠᠯ ᠢ ᠰᠢᠢᠳᠪᠦᠷᠢᠯᠡᠪᠡ᠃ ᠭᠡᠪᠡᠴᠦ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠪᠠᠯ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠳᠤ ᠮᠥᠨ ᠯᠡ ᠵᠠᠷᠢᠮ ᠳᠣᠪᠤᠶᠢᠮ᠎ᠠ ᠳᠤᠲᠠᠭᠤᠳᠠᠯ ᠣᠷᠣᠰᠢᠵᠤ᠂ ᠵᠠᠷᠢᠮ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠡᠴᠡ ᠶᠢᠨ ᠬᠠᠷᠰᠢ ᠰᠠᠭᠠᠳ ᠢ ᠪᠠᠰᠠ ᠦᠨᠳᠦᠰᠦᠨ ᠠᠴᠠ ᠨᠢ ᠠᠷᠢᠯᠭᠠᠭᠠᠳᠤᠢ ᠪᠠᠶᠢᠭᠰᠠᠭᠠᠷ ᠭᠡᠵᠤ ᠵᠢᠭᠠᠵᠤ ᠭᠠᠷᠭᠠᠵᠠᠢ᠃        ᠬᠤᠷᠠᠯ ᠠᠴᠠ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠨᠠᠮ ᠪᠣᠯᠤᠨ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠳᠤᠷᠢᠳᠤᠭᠴᠢ᠂ ᠵᠣᠬᠢᠶᠠᠨ ᠪᠠᠶᠢᠭᠤᠯᠤᠭᠴᠢ ᠶᠢᠨ ᠦᠢᠯᠡᠳᠦᠯ ᠢ ᠪᠠᠳᠠᠷᠠᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠥᠨᠳᠥᠷ ᠪᠦᠲᠦᠮᠵᠢᠲᠡᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠪᠠᠷ ᠬᠥᠳᠡᠯᠭᠡᠭᠦᠷ ᠪᠣᠯᠭᠠᠭᠰᠠᠨ᠂ ᠡᠭᠦᠷᠭᠡ ᠪᠠᠷ ᠤᠳᠤᠷᠢᠳᠤᠮᠵᠢ ᠪᠣᠯᠭᠠᠭᠰᠠᠨ ᠤᠯᠤᠰ ᠤᠨ ᠲᠤᠷᠰᠢᠯᠲᠠ ᠶᠢᠨ ᠲᠠᠰᠤᠭ ᠤᠨ ᠰᠢᠰᠲ᠋ᠧᠮ ᠢ ᠪᠠᠶᠢᠭᠤᠯᠵᠤ᠂ ᠰᠠᠭᠤᠷᠢ ᠰᠢᠨᠵᠢᠯᠡᠭᠡᠨ ᠤ ᠰᠤᠳᠤᠯᠭᠠᠨ ᠤ ᠲᠥᠪ ᠢ ᠪᠠᠶᠢᠷᠢᠯᠠᠭᠤᠯᠤᠨ ᠪᠠᠶᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠲᠣᠭᠲᠠᠭᠠᠬᠤ ᠪᠠ ᠵᠣᠬᠢᠶᠠᠨ ᠪᠠᠶᠢᠭᠤᠯᠵᠤ ᠬᠠᠮᠢᠶᠠᠷᠬᠤ ᠠᠷᠭ᠎ᠠ ᠬᠡᠯᠪᠡᠷᠢ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠰᠢᠰᠲ᠋ᠧᠮᠵᠢᠭᠰᠡᠨ ᠥᠷᠢᠰᠥᠯᠳᠦᠭᠡᠨ ᠤ ᠬᠦᠴᠦᠨ ᠢ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠪᠦᠲᠦᠴᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠬᠢ ᠭᠤᠤᠯ ᠴᠣᠭᠴᠠ ᠶᠢᠨ ᠦᠶ᠋ᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠶ᠋ᠯᠡᠰ᠂ ᠮᠥᠩᠭᠦᠨ ᠭᠦᠶ᠋ᠯᠭᠡᠭᠡᠨ ᠤ ᠰᠠᠶᠢᠨ ᠣᠷᠴᠢᠯ ᠪᠦᠷᠢᠯᠳᠦᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠤᠨ ᠬᠡᠷᠡᠭᠯᠡᠬᠦ ᠶᠢ ᠲᠦᠷᠭᠡᠳᠭᠡᠨ ᠠᠬᠢᠭᠤᠯᠬᠤ ᠬᠡᠷᠡᠭᠲᠡᠶ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ᠂ ᠬᠡᠷᠡᠭᠯᠡᠬᠦ᠂ ᠦᠨᠡᠯᠡᠬᠦ᠂ ᠦᠢᠯᠡᠴᠢᠯᠡᠬᠦ᠂ ᠳᠡᠮᠵᠢᠬᠦ᠂ ᠤᠷᠮᠠᠰᠢᠭᠤᠯᠬᠤ ᠵᠡᠷᠭᠡ ᠪᠠᠶᠢᠭᠤᠯᠤᠯ ᠲᠣᠭᠲᠡᠴᠡ ᠶᠢ ᠲᠡᠭᠦᠯᠳᠡᠷᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠪᠴᠢᠯᠡᠨ ᠪᠠᠶᠢᠭᠤᠯᠵᠤ᠂ ᠤᠯᠤᠰ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠳᠤᠮᠳᠠ ᠴᠢᠳᠠᠪᠤᠷᠢᠲᠠᠨ ᠢ ᠬᠦᠮᠦᠵᠢᠭᠦᠯᠵᠤ᠂ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠬᠥᠭᠵᠢᠭᠡᠬᠦ ᠬᠡᠷᠡᠭᠲᠡᠢ᠃ ᠨᠡᠩ ᠶᠡᠭᠡ ᠰᠥᠰᠥ ᠵᠣᠷᠢᠭ ᠢᠶᠠᠷ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢ ᠲᠦᠷᠭᠡᠨ ᠬᠤᠪᠢᠷᠠᠭᠤᠯᠵᠤ᠂ ᠪᠠᠶᠢᠯᠳᠤᠬᠤ ᠪᠣᠳᠣᠯᠭ᠎ᠠ ᠶᠢ ᠠᠳᠬᠤᠬᠤ᠂ ᠥᠭᠡᠷᠡᠴᠢᠯᠡᠯᠲᠡ ᠶᠢ ᠠᠳᠬᠤᠬᠤ᠂ ᠲᠥᠯᠥᠪᠵᠢᠭᠦᠯᠭᠡ ᠶᠢ ᠠᠳᠬᠤᠬᠤ᠂ ᠦᠢᠯᠡᠴᠢᠯᠡᠭᠡ ᠶᠢ ᠠᠳᠬᠤᠬᠤ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠲᠥᠯᠥᠪᠵᠢᠭᠦᠯᠭᠡ ᠲᠦᠷᠦ ᠶᠢᠨ ᠪᠣᠳᠣᠯᠭ᠎ᠠ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠤᠨ ᠤᠳᠤᠷᠢᠳᠤᠯᠭ᠎ᠠ ᠪᠠ ᠵᠢᠯᠣᠭᠤᠳᠤᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠳᠤ ᠨᠡᠩ ᠣᠨᠣᠪᠴᠢᠲᠠᠢ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠬᠤ ᠬᠡᠷᠡᠭᠲᠡᠢ᠃ ᠡᠭᠦᠷᠭᠡ ᠶᠢᠨ ᠬᠡᠷᠡᠭᠴᠡᠭᠡ ᠪᠠ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠳᠤ ᠭᠦᠢᠴᠡᠳ ᠡᠷᠬᠡ ᠣᠯᠭᠤᠵᠤ᠂ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ᠂ ︽ᠠᠮᠠᠯᠠᠯᠳᠠ ᠶᠢᠨ ᠪᠢᠴᠢᠭ︾ ᠳᠤᠬᠳᠠᠭᠠᠵᠤ᠂ ᠬᠠᠷᠢᠭᠤᠴᠠᠯᠭ᠎ᠠ ᠲᠠᠢ᠂ ᠬᠠᠮᠢᠶᠠᠷᠤᠯᠲᠠ ᠲᠠᠢ᠂ ᠬᠢᠨᠠᠯᠲᠠ ᠬᠠᠮᠢᠶᠠᠷᠤᠯᠲᠠ ᠲᠠᠢ ᠪᠠᠶᠢᠵᠤ᠂ ᠡᠷᠬᠡ ᠣᠯᠭᠤᠯᠲᠠ ᠶᠢ ᠰᠠᠶᠢᠲᠤᠷ ᠬᠡᠷᠡᠭᠯᠡᠬᠦ ᠦᠭᠡᠢ᠂ ᠬᠠᠷᠢᠭᠤᠴᠠᠯᠭ᠎ᠠ ᠪᠠᠨ ᠭᠦᠢᠴᠡᠳᠭᠡᠭᠰᠡᠨ ᠢᠶᠠᠷ ᠬᠦᠷᠦᠯᠴᠡᠬᠦ ᠦᠭᠡᠢ ᠪᠠᠶᠢᠪᠠᠯ ᠬᠠᠷᠢᠭᠤᠴᠠᠯᠭ᠎ᠠ ᠨᠡᠬᠡᠮᠵᠢᠯᠡᠵᠦ᠂ ᠳᠣᠷᠣᠭᠰᠢ ᠪᠠᠭᠤᠯᠭᠠᠭᠰᠠᠨ ᠡᠷᠬᠡ ᠶᠢᠨ ᠬᠡᠪᠴᠢᠶ᠎ᠡ ᠶᠢᠨ ᠬᠦᠯᠢᠶᠡᠨ ᠠᠪᠴᠤ ᠳᠡᠶᠢᠯᠬᠦ᠂ ᠰᠠᠶᠢᠲᠤᠷ ᠬᠡᠷᠡᠭᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ᠂ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠯᠠᠪᠳᠠᠭᠤᠨ ᠪᠥᠭᠡᠳ ᠡᠮᠬᠢ ᠵᠢᠷᠤᠮ ᠲᠠᠢ ᠠᠭᠢᠵᠤ᠂ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠴᠠᠬᠢᠯᠭᠠᠨ ᠤ ᠬᠡᠮᠵᠢᠶ᠎ᠡ ᠶᠢᠨ ᠬᠤᠪᠢ ᠶᠢᠨ ᠵᠢᠩ ᠶᠡᠭᠡ ᠪᠠᠷ ᠳᠡᠭᠡᠭᠰᠢᠯᠡᠪᠡ᠃ ᠤᠯᠠᠨ ᠲᠡᠰ ᠳᠠᠪᠬᠤᠷᠭ᠎ᠠ ᠶᠢᠨ ᠨᠢᠭᠡᠳᠦᠯᠲᠡᠢ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠰᠢᠰᠲ᠋ᠧᠮ ᠢ ᠪᠦᠷᠢᠨᠰᠢᠬᠦᠯᠵᠤ᠂ ᠤᠯᠤᠰ ᠤᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠢ ᠲᠦᠷᠭᠡᠳᠭᠡᠨ ᠪᠦᠳᠦᠭᠡᠨ ᠪᠠᠶᠢᠭᠤᠯᠵᠤ᠂ ᠪᠦᠬᠦ ᠤᠯᠤᠰ᠂ ᠮᠤᠵᠢ ︵ᠣᠷᠣᠨ᠂ ᠬᠤᠳᠠ︶᠂ ᠣᠷᠣᠨ ᠪᠦᠰᠡ ᠶᠢᠨ ᠡᠯ᠎ᠡ ᠲᠡᠰ ᠳᠠᠪᠬᠤᠷᠭ᠎ᠠ ᠶᠢᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠬᠠᠮᠵᠢᠯᠴᠠᠨ ᠠᠵᠢᠯᠯᠠᠬᠤ᠂ ᠠᠭᠤᠰᠤᠯᠴᠠᠨ ᠬᠥᠭᠵᠢᠬᠦ ᠶᠢ ᠬᠦᠳᠦᠯᠦᠨ ᠵᠢᠯᠣᠭᠤᠳᠴᠤ᠂ ᠨᠢᠭᠡᠳᠦᠯᠲᠡᠢ ᠠᠷᠠᠯᠵᠢᠶᠠᠨ ᠤ ᠲᠦᠷᠢᠮ ᠪᠠ ᠮᠡᠷᠭᠡᠵᠢᠯ ᠤᠨ ᠪᠠᠷᠢᠮᠵᠢᠶ᠎ᠠ ᠶᠢ ᠵᠢᠷᠤᠮᠵᠢᠭᠤᠯᠵᠤ᠂ ᠤᠯᠠᠨ ᠡᠰᠢᠲᠦ ᠥᠷᠢᠰᠥᠯᠳᠦᠭᠡᠨ ᠪᠦᠬᠦᠢ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠠᠶᠢᠷᠢᠰᠢᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠨᠡᠭᠦᠷᠡᠰᠦ ᠴᠠᠬᠢᠯᠭᠠᠨ ᠤ ᠦᠨ᠎ᠡ ᠬᠠᠩᠰᠢ ᠶᠢᠨ ᠵᠠᠬ᠎ᠠ ᠳᠡᠯᠭᠡᠭᠦᠷᠴᠢᠯᠡᠭᠰᠡᠨ ᠪᠦᠷᠢᠯᠳᠦᠯ ᠤᠨ ᠲᠣᠭᠲᠡᠴᠡ ᠶᠢ ᠥᠭᠡᠷᠡᠴᠢᠯᠡᠨ ᠲᠡᠭᠦᠯᠳᠡᠷᠵᠢᠭᠦᠯᠵᠦ᠂ ᠴᠠᠬᠢᠯᠭᠠᠨ ᠤ ᠦᠨ᠎ᠡ ᠶᠢᠨ ᠳᠠᠮᠵᠢᠭᠤᠯᠬᠤ ᠲᠣᠭᠲᠡᠴᠡ ᠶᠢ ᠲᠡᠭᠦᠯᠳᠡᠷᠵᠢᠭᠦᠯᠵᠦ᠂ ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡ ᠶᠢ ᠪᠦᠲᠦᠮᠵᠢᠲᠡᠢ ᠲᠡᠩᠴᠡᠬᠦᠷᠢᠰᠢᠬᠦᠯᠬᠦ ᠬᠡᠷᠡᠭᠲᠡᠢ᠃ ᠴᠠᠬᠢᠯᠭᠠᠨ ᠬᠦᠴᠦᠨ ᠢ ᠨᠢᠭᠡᠳᠦᠯᠲᠡᠶ ᠲᠥᠯᠥᠪᠵᠢᠭᠦᠯᠬᠦ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠰᠢᠨᠵᠢᠯᠡᠬᠦ ᠤᠬᠠᠭᠠᠨᠴᠢ ᠪᠠᠷ ᠬᠢᠨᠠᠨ ᠬᠡᠮᠵᠢᠬᠦ ᠵᠡᠷᠭᠡ ᠠᠵᠢᠯ ᠢ ᠴᠢᠩᠭᠠᠳᠬᠠᠵᠤ᠂ ᠦᠨᠳᠦᠰᠦᠨ ᠣᠯᠠᠨ ᠨᠡᠶᠢᠲᠡ ᠶᠢᠨ ᠦᠶ᠋ᠯᠡᠴᠢᠯᠡᠭᠡᠨ ᠤ ᠬᠠᠩᠭᠠᠯᠭ᠎ᠠ ᠶᠢ ᠪᠠᠲᠤᠯᠠᠨ ᠳᠠᠭᠠᠭᠠᠬᠤ ᠶᠢ ᠰᠠᠶᠢᠲᠤᠷ ᠬᠢᠵᠦ᠂ ᠰᠠᠭᠤᠭᠠᠯᠢ ᠠᠷᠠᠳ᠂ ᠲᠠᠷᠢᠶᠠᠯᠠᠩ᠂ ᠨᠡᠶᠢᠲᠡ ᠶᠢᠨ ᠬᠡᠷᠡᠭᠯᠡᠭᠡᠨ ᠤ ᠦᠢᠯᠡᠰ ᠵᠡᠷᠭᠡ ᠶᠢᠨ ᠴᠠᠬᠢᠯᠭᠠᠨ ᠬᠡᠷᠡᠭᠯᠡᠬᠦ ᠦᠨ᠎ᠡ ᠬᠠᠩᠰᠢ ᠶᠢᠨ ᠬᠠᠷᠢᠴᠠᠩᠭᠤᠶ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠨᠧᠷᠭᠢ ᠶᠢᠨ ᠪᠦᠲᠦᠴᠡ ᠶᠢᠨ ᠬᠡᠯᠪᠡᠷᠢ ᠶᠢᠨ ᠬᠤᠪᠢᠷᠠᠯᠲᠠ ᠳᠤ ᠵᠣᠬᠢᠴᠠᠬᠤ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠲᠣᠭᠲᠡᠴᠡ ᠶᠢᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠡᠨᠧᠷᠭᠢ ᠶᠢᠨ ᠵᠠᠬ᠎ᠠ ᠳᠡᠯᠭᠡᠭᠦᠷ ᠤᠨ ᠠᠷᠠᠯᠵᠢᠶᠠᠨ ᠳᠤ ᠣᠷᠣᠯᠴᠠᠬᠤ ᠶᠢ ᠡᠮᠬᠢ ᠵᠢᠷᠤᠮ ᠲᠠᠢ ᠠᠬᠢᠭᠤᠯᠵᠤ᠂ ᠴᠠᠬᠢᠯᠭᠠᠨ ᠬᠦᠴᠦᠨ ᠤ ᠲᠥᠯᠥᠪᠵᠢᠭᠦᠯᠭᠡ ᠪᠣᠯᠤᠨ ᠪᠦᠲᠦᠮᠵᠢᠲᠡᠢ ᠪᠡᠯᠡ ᠣᠷᠣᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠨᠧᠷᠭᠢ ᠶᠢᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠬᠡᠯᠪᠡᠷᠢ ᠶᠢᠨ ᠬᠤᠪᠢᠷᠠᠯᠲᠠ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠨᠠᠮ ᠤᠨ ᠳᠤᠮᠳᠠᠳᠤ ᠪᠠᠭ᠎ᠠ ᠰᠤᠷᠭᠠᠭᠤᠯᠢ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠳᠤ᠂ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠢ ᠳ᠋ᠦᠩᠨᠡᠭᠰᠡᠨ ᠰᠠᠭᠤᠷᠢᠨ ᠳᠡᠭᠡᠷ᠎ᠡ᠂ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢ ᠪᠠᠳᠠᠷᠠᠭᠤᠯᠬᠤ ᠪᠠᠶᠢᠭᠤᠯᠤᠮᠵᠢ ᠲᠣᠭᠲᠡᠴᠡ ᠶᠢ ᠪᠦᠷᠢᠨᠰᠢᠬᠦᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠪᠠᠭ ᠢ ᠠᠳᠬᠤᠬᠤ᠂ ᠡᠩᠨᠡᠭᠡ ᠶᠢ ᠳᠠᠭᠠᠭᠤᠯᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠳᠤᠷᠢᠳᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠢ ᠰᠤᠷᠭᠠᠭᠤᠯᠢ ᠶᠢ ᠡᠷᠬᠢᠯᠡᠬᠦ ᠰᠤᠷᠭᠠᠭᠤᠯᠢ ᠶᠢ ᠵᠠᠰᠠᠬᠤ ᠴᠢᠬᠤᠯᠠ ᠡᠭᠦᠷᠭᠡ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠤᠨ᠂ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠰᠤᠷᠭᠠᠭᠤᠯᠢ ᠶᠢᠨ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠭᠠᠷ ᠲᠠᠭᠠᠨ ᠴᠢᠩᠭ᠎ᠠ ᠠᠳᠬᠤᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠢ ᠭᠦᠨᠵᠡᠭᠡᠶ ᠥᠷᠨᠢᠭᠦᠯᠵᠦ᠂ ᠰᠤᠷᠤᠭᠴᠢᠳ ᠤᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠢ ᠰᠠᠶᠢᠲᠤᠷ ᠠᠳᠬᠤᠵᠤ᠂ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠬᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠬᠤ ᠶᠢ ᠰᠤᠷᠭᠠᠭᠤᠯᠢ ᠶᠢᠨ ᠰᠤᠷᠭᠠᠨ ᠬᠥᠮᠦᠵᠢᠯ ᠳᠤ ᠭᠦᠨᠵᠡᠭᠡᠶ ᠠᠭᠤᠰᠤᠯᠴᠠᠭᠤᠯᠵᠤ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠬᠠᠶᠢᠷ᠎ᠠ ᠰᠡᠳᠭᠢᠯᠭᠡ ᠶᠢ ᠵᠤᠵᠠᠭᠠᠳᠬᠠᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠬᠦ ᠬᠡᠷᠡᠭᠲᠡᠶ᠃ ᠲᠥᠷᠥᠯ ᠬᠤᠪᠢᠶᠠᠨ ᠵᠢᠯᠣᠭᠤᠳᠬᠤ᠂ ᠠᠯᠬᠤᠮ ᠬᠤᠪᠢᠶᠠᠨ ᠬᠡᠷᠡᠭᠵᠢᠭᠦᠯᠬᠦ ᠪᠠᠨ ᠴᠢᠩᠭᠠᠳᠬᠠᠵᠤ᠂ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠬᠡᠪᠴᠢᠶ᠎ᠡ ᠲᠠᠢ ᠰᠤᠷᠭᠠᠭᠤᠯᠢ ᠳᠤ ᠴᠢᠭᠯᠡᠭᠦᠯᠦᠨ᠂ ᠦᠵᠡᠯ ᠰᠠᠨᠠᠭᠠᠨ ᠤ ᠪᠡᠯᠡᠳᠭᠡᠯ᠂ ᠵᠣᠬᠢᠶᠠᠨ ᠪᠠᠶᠢᠭᠤᠯᠤᠯᠲᠠ ᠶᠢᠨ ᠪᠡᠯᠡᠳᠭᠡᠯ᠂ ᠠᠵᠢᠯ ᠤᠨ ᠪᠡᠯᠡᠳᠭᠡᠯ ᠢ ᠰᠠᠶᠢᠲᠤᠷ ᠬᠢᠭᠰᠡᠨ ᠤᠷᠢᠲᠠᠯ ᠳᠤᠤᠷ᠎ᠠ᠂ ᠪᠣᠯᠪᠠᠰᠤᠷᠠᠩᠭᠤᠶ ᠪᠤᠯᠤᠭᠰᠠᠠ ᠳᠤᠨᠢ ᠲᠣᠬᠢᠷᠠᠭᠤᠯᠤᠯᠲᠠ ᠬᠢᠵᠦ᠂ ᠥᠭᠡᠷᠡᠴᠢᠯᠡᠯᠲᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃        ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠶᠡᠭᠡ ᠪᠠᠷ ᠬᠥᠭᠵᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠬᠠᠮᠢᠶᠠᠷᠬᠤ ᠪᠠ ᠠᠰᠢᠭᠯᠠᠬᠤ ᠲᠦᠪᠰᠢᠨ ᠲᠠᠰᠤᠷᠠᠯᠳᠡ ᠦᠭᠡᠢ ᠳᠡᠭᠡᠭᠰᠢᠯᠡᠪᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠡᠷᠦᠩᠬᠡᠢ ᠲᠥᠯᠥᠪᠵᠢᠭᠦᠯᠭᠡ ᠶᠢ ᠴᠢᠩᠭᠠᠳᠬᠠᠵᠤ᠂ ᠠᠪᠤᠷᠠᠯᠳᠠ ᠶᠢᠨ ᠴᠢᠨᠠᠷᠲᠠᠢ ᠬᠠᠮᠠᠭᠠᠯᠠᠯᠲᠠ ᠪᠣᠯᠤᠨ ᠰᠡᠷᠭᠡᠶᠢᠯᠡᠯᠲᠡ ᠶᠢᠨ ᠴᠢᠨᠠᠷᠲᠠᠢ ᠬᠠᠮᠠᠭᠠᠯᠠᠯᠲᠠ᠂ ᠲᠤᠰ ᠴᠣᠭᠴᠠ ᠶᠢᠨ ᠬᠠᠮᠠᠭᠠᠯᠠᠯᠲᠠ ᠪᠣᠯᠤᠨ ᠡᠷᠬᠢᠨ ᠲᠣᠭᠤᠷᠢᠨ ᠤ ᠬᠠᠮᠠᠭᠠᠯᠠᠯᠲᠠ᠂ ᠲᠤᠰᠠᠭᠠᠷ ᠴᠡᠭ ᠤᠨ ᠬᠠᠮᠠᠭᠠᠯᠠᠯᠲᠠ ᠪᠣᠯᠤᠨ ᠪᠦᠯᠦᠭᠵᠢᠯ ᠤᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠲᠡᠦᠬᠡ ᠶᠢᠨ ᠦᠨᠡᠨ ᠪᠣᠳᠠᠲᠤ ᠴᠢᠨᠠᠷ᠂ ᠲᠦᠷᠢ ᠲᠥᠷᠬᠦ ᠶᠢᠨ ᠪᠦᠷᠢᠨ ᠪᠦᠲᠦᠨ ᠴᠢᠨᠠᠷ᠂ ᠰᠣᠶᠣᠯ ᠤᠨ ᠦᠷᠭᠦᠯᠵᠢᠯᠡᠬᠦ ᠴᠢᠨᠠᠷ ᠢ ᠬᠠᠮᠠᠭᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠶᠤᠨ ᠰᠠᠨᠠᠭᠠᠨ ᠤ ᠪᠡᠯᠭᠡ ᠲᠡᠮᠳᠡᠭ ᠢ ᠵᠥᠪ ᠣᠨᠣᠪᠴᠢᠲᠠᠢ ᠪᠣᠯᠪᠠᠰᠤᠷᠠᠭᠤᠯᠬᠤ ᠶᠢᠨ ᠬᠠᠮᠲᠤ ᠳᠡᠯᠭᠡᠨ ᠦᠵᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠡᠦᠬᠡ ᠶᠢᠨ ᠦᠨ᠎ᠡ ᠦᠷᠳᠡᠭ᠂ ᠰᠣᠶᠣᠯ ᠤᠨ ᠦᠨ᠎ᠡ ᠦᠷᠳᠡᠭ᠂ ᠭᠤᠸ᠎ᠠ ᠰᠠᠶᠢᠬᠠᠨ ᠤ ᠦᠨ᠎ᠡ ᠦᠷᠳᠡᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨ᠎ᠡ ᠦᠷᠳᠡᠭ ᠂ ᠴᠠᠭ ᠦᠶ᠎ᠡ ᠶᠢᠨ ᠦᠨ᠎ᠡ ᠦᠷᠳᠡᠭ ᠢ ᠨᠡᠩ ᠰᠠᠶᠢᠲᠤᠷ ᠢᠯᠡᠷᠡᠭᠦᠯᠬᠦ ᠬᠡᠷᠡᠭᠲᠡᠢ᠃ ᠬᠤᠪᠢᠷᠠᠭᠤᠯᠬᠤ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠴᠢᠳᠠᠪᠤᠷᠢᠲᠠᠨ ᠤ ᠰᠠᠭᠤᠷᠢ ᠶᠢ ᠪᠠᠬᠢᠵᠢᠭᠦᠯᠵᠦ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠂ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠬᠦ ᠪᠠᠷ ᠵᠢᠯᠣᠭᠤᠳᠤᠮᠵᠢ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠣᠯᠤᠨ ᠡᠯ᠎ᠡ ᠵᠦᠢᠯ ᠤᠨ ᠠᠵᠢᠯ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠦᠢᠯᠡᠴᠢᠯᠡᠭᠡ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠷᠠᠯ ᠳᠤ ᠨᠡᠩ ᠰᠠᠶᠢᠨ ᠠᠭᠤᠰᠤᠯᠴᠠᠭᠤᠯᠵᠤ᠂ ᠠᠷᠠᠳ ᠲᠦᠮᠡᠨ ᠳᠤ ᠨᠡᠩ ᠰᠠᠶᠢᠳᠤᠷ ᠦᠢᠯᠡᠴᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠭᠠᠳᠠᠭᠠᠳᠤ ᠰᠣᠯᠢᠯᠴᠠᠭᠠᠨ ᠤ ᠲᠠᠪᠴᠠᠩ ᠢ ᠢᠳᠡᠪᠬᠢᠲᠡᠢ ᠥᠷᠭᠡᠳᠭᠡᠵᠦ᠂ ᠤᠯᠠᠨ ᠠᠷᠭ᠎ᠠ ᠵᠠᠮ ᠢᠶᠠᠷ ᠳᠤᠮᠳᠠᠳᠤ ᠶᠢᠨ ᠰᠣᠶᠣᠯ ᠢ ᠤᠯᠠᠠ ᠤᠯᠤᠰ ᠲᠤ ᠳᠠᠮᠵᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃        ᠬᠤᠷᠠᠯ ᠠᠴᠠ᠂ ᠵᠦᠩ ᠭᠤᠸᠠᠨ ᠼᠦᠨ ᠤ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠥᠭᠡᠷᠡᠴᠢᠯᠡᠯᠲᠡ ᠶᠢ ᠲᠡᠮᠵᠢᠬᠦ ᠳᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠬᠠᠮᠤᠭ ᠤᠨ ᠳᠣᠪᠤᠶᠢᠮ᠎ᠠ ᠳᠤᠲᠠᠭᠤᠳᠠᠯ᠂ ᠬᠠᠮᠤᠭ ᠤᠨ ᠪᠠᠴᠢᠮ ᠲᠤᠯᠭᠠᠮ ᠡᠭᠦᠷᠭᠡ ᠶᠢ ᠪᠡᠶᠡᠯᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠰᠢᠨ᠎ᠡ ᠶᠢ ᠡᠭᠦᠳᠬᠦ ᠭᠤᠣᠯ ᠴᠣᠭᠴᠠ ᠶᠢ ᠬᠦᠴᠦᠷᠬᠡᠭᠵᠢᠭᠦᠯᠬᠦ᠂ ᠰᠢᠨ᠎ᠡ ᠶᠢ ᠡᠭᠦᠳᠬᠦ ᠡᠯᠧᠮᠧᠨ᠋ᠲ ᠢ ᠲᠦᠪᠯᠡᠷᠡᠭᠦᠯᠬᠦ᠂ ᠰᠢᠨ᠎ᠡ ᠶᠢ ᠡᠭᠦᠳᠬᠦ ᠲᠣᠭᠲᠠᠴᠠ ᠶᠢ ᠰᠢᠯᠢᠳᠡᠭᠵᠢᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠵᠤ᠂ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠳᠡᠯᠡᠬᠡᠢ ᠶᠢᠨ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠪᠣᠯᠤᠨ ᠰᠢᠨ᠎ᠡ ᠶᠢ ᠡᠭᠦᠳᠬᠦ ᠥᠨᠳᠦᠷᠯᠢᠭ ᠭᠠᠵᠠᠷ ᠢ ᠲᠦᠷᠭᠡᠨ ᠪᠠᠶᠢᠭᠤᠯᠬᠤ ᠬᠡᠷᠡᠭᠲᠡᠢ᠃ ᠥᠭᠡᠷᠡᠴᠢᠯᠡᠯᠲᠡ ᠬᠢᠬᠦ ᠳᠤ ᠨᠡᠩ ᠤᠯᠠᠨ ᠪᠣᠳᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠲᠤᠷᠰᠢᠯᠲᠠ ᠶᠢᠨ ᠴᠡᠭ ᠤᠨ ᠰᠢᠪᠲᠤᠯᠤᠯᠲᠠ ᠪᠠ ᠳᠠᠷᠤᠭᠠᠰᠤ ᠶᠢᠨ ᠰᠢᠯᠭᠠᠯᠲᠠ ᠶᠢᠨ ᠦᠢᠯᠡᠳᠦᠯ ᠦᠵᠡᠭᠦᠯᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠳᠠᠲᠠᠢ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠠᠷᠢᠯᠭᠠᠬᠤ ᠲᠤᠷᠰᠢᠯᠭ᠎ᠠ ᠬᠤᠷᠠᠮᠳᠤᠭᠤᠯᠬᠤ ᠶᠢ ᠠᠩᠬᠠᠷᠬᠤ ᠬᠡᠷᠡᠭᠲᠡᠢ ᠭᠡᠵᠦ ᠵᠢᠭᠠᠵᠦ ᠭᠠᠷᠭᠠᠵᠠᠢ᠃ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号