| | 11 ᠰᠠᠷ᠎ᠠ ᠶᠢᠨ 27 ᠤ ᠦᠳᠡ ᠶᠢᠨ ᠬᠤᠶᠢᠨ᠎ᠠ ᠠᠴᠠ 29 ᠤ ᠡᠳᠦᠷ ᠪᠣᠯᠲᠠᠯ᠎ᠠ᠂ ᠨᠠᠰᠤᠨᠮᠦ᠋ᠡᠭᠭᠡ᠂ ᠸᠠᠩ | ᠪᠥᠸᠧ᠂ ᠯᠢᠶᠠᠨ ᠰᠤ᠋᠂ ᠵᠠᠩ ᠶᠤᠸᠠᠨ ᠵᠦᠩ᠂ ᠾᠧ ᠶᠠᠨ ᠯᠢᠩ᠂ ᠠᠢ ᠯᠢ ᠬᠤᠸᠠ᠂ ᠬᠤᠸᠠᠩ ᡁᠢ ᠴᠢᠶᠠᠩ᠂ | ᠡᡁᠧᠩ ᠰᠢᠶᠤᠤ ᠹᠠᠨ᠂ ᠴᠢ᠊ ᠪᠠᠳᠤ᠂ ᠪᠣᠣ ᠰᠢᠶᠠᠨ ᠬᠤᠸᠠ᠂ ᠯᠦᠸᠧ ᡁᠢ ᠬᠣ᠋᠂ ᠮᠠ ᠰᠢᠤᠸᠠᠢ ᠵᠢᠶᠦ᠋ᠨ᠂ ᠵᠠᠩ | ᠬᠤᠸᠠ᠂ ᠴᠡᠴᠡᠭ᠂ ᠸᠧᠢ ᠭᠦᠸᠧ ᠨᠠᠨ᠂ ᠶᠠᠩ ᠽᠦᠩ ᠷᠧᠨ᠂ ᠯᠢ ᠴᠢ ᠯᠢᠨ᠂ ᠶᠠᠩ ᠰᠢᠶᠤᠤ ᠺᠠᠩ᠂ ᠴᠧᠨ ᠯᠦ | ᠱᠧᠩ ᠲᠤᠰ ᠲᠤᠰ ᠤᠨ ᠪᠠᠶᠢᠭ᠎ᠠ ᠲᠥᠯᠥᠭᠡᠯᠡᠭᠴᠢᠳ ᠤᠨ ᠪᠦᠯᠬᠦᠮ ᠳᠤ ᠲᠥᠯᠥᠭᠡᠯᠡᠭᠴᠢᠳ ᠲᠠᠢ ᠬᠠᠮᠲᠤ ᠪᠠᠷ | ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠢᠯᠡᠳᠭᠡᠯ ᠪᠣᠯᠤᠨ | ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃ | ᠱᠢ ᠲᠠᠢ ᠹᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ | ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠬᠢᠭᠰᠡᠨ ᠢᠯᠡᠳᠭᠡᠯ ᠢ ᠤᠯᠠᠨ ᠢᠶᠠᠷ ᠢᠶᠠᠨ ᠰᠠᠨᠠᠯ ᠨᠢᠭᠡᠲᠡᠢ | ᠵᠥᠪᠰᠢᠶᠡᠷᠡᠵᠤ ᠪᠠᠶᠢᠨ᠎ᠠ᠃ | ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ | ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠲᠠᠢ ᠨᠢᠭᠲᠠ ᠤᠶᠠᠯᠳᠤᠭᠤᠯᠤᠨ ᠭᠦᠨᠵᠡᠭᠡᠶ ᠨᠠᠶᠢᠳᠠᠪᠤᠷᠢᠵᠢᠭᠤᠯᠵᠤ᠂ | ᠲᠠᠪᠤᠨ ᠵᠢᠯ ᠤᠨ ᠲᠤᠷᠰᠢᠬᠢ ᠴᠢᠬᠤᠯᠠ ᠶᠡᠭᠡ ᠦᠢᠯᠡᠳᠦᠯᠭᠡ ᠪᠠ ᠴᠢᠬᠤᠯᠠ ᠠᠮᠵᠢᠯᠲᠠ ᠪᠦᠲᠦᠮᠵᠢ ᠶᠢ ᠪᠤᠰᠤᠳᠴᠢ ᠪᠠᠷ | ᠳ᠋ᠦᠩᠨᠡᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ | ᠠᠶᠠᠨ ᠳᠠᠬᠢ ᠥᠪᠥᠷ ᠮᠣᠩᠭᠤᠯ ᠤᠨ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠢ ᠭᠦᠨᠵᠡᠭᠡᠢ | ᠲᠣᠳᠣᠷᠬᠠᠶᠢᠯᠠᠨ ᠥᠭᠦᠯᠡᠵᠤ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠬᠠᠷᠠᠯᠲᠠ ᠱᠠᠭᠠᠷᠳᠠᠯᠭ᠎ᠠ ᠪᠠ | ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠳᠤᠷᠠᠳᠤᠨ ᠭᠠᠷᠭᠠᠵᠤ᠂ ᠢᠷᠡᠭᠡᠳᠦᠶ ᠶᠢᠨ ᠬᠥᠭᠵᠢᠯᠲᠡ ᠶᠢᠨ ᠰᠠᠶᠢᠨ | ᠰᠠᠶᠢᠬᠠᠨ ᠵᠢᠷᠤᠭ ᠲᠥᠰᠦᠪ ᠢ ᠰᠢᠨᠵᠢᠯᠡᠬᠦ ᠤᠬᠠᠭᠠᠨᠴᠢ ᠪᠠᠷ ᠵᠢᠷᠤᠭᠯᠠᠪᠠ᠂ ᠲᠡᠷᠡ ᠪᠤᠯ ᠨᠠᠶᠢᠳᠠᠯᠭ᠎ᠠ ᠶᠢ ᠪᠠᠲᠤ | ᠴᠡᠭᠡᠵᠢᠯᠡᠵᠤ᠂ ᠵᠣᠷᠢᠭᠲᠠᠶ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠲᠥᠪ ᠴᠢᠩᠭ᠎ᠠ ᠲᠤᠩᠬᠠᠭᠯᠠᠯ᠂ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠠᠴᠢᠶ᠎ᠠ ᠪᠠᠨ ᠲᠡᠭᠰᠢᠯᠡᠵᠦ ᠠᠶᠠᠨ ᠳᠠᠭᠠᠨ ᠲᠠᠬᠢᠨ ᠮᠤᠷᠳᠠᠬᠤ | ᠤᠷᠤᠭᠰᠢᠯᠠᠯᠲᠠ ᠶᠢᠨ ᠪᠦᠷᠢᠶ᠎ᠡ ᠮᠦᠨ᠂ ᠯᠠᠪᠲᠠᠢ ᠪᠦᠬᠦ ᠣᠷᠣᠨ ᠳᠠᠶᠠᠭᠠᠷ ᠤᠨ ᠰᠢᠨ᠎ᠡ ᠴᠠᠭ ᠦᠶ᠎ᠡ ᠳᠤ ᠲᠡᠮᠡᠴᠡᠨ | ᠲᠠᠪᠰᠢᠬᠤ᠂ ᠰᠢᠨ᠎ᠡ ᠠᠶᠠᠨ ᠳᠤ ᠡᠷᠡᠮᠡᠭᠡᠶᠢᠯᠡᠨ ᠤᠷᠤᠭᠰᠢᠯᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ | ᠨᠢᠬᠳᠠᠷᠠᠭᠤᠯᠬᠤ ᠪᠤᠯᠤᠨ᠎ᠠ ᠭᠡᠵᠤ ᠤᠯᠠᠨ ᠢᠶᠠᠷ ᠢᠶᠠᠨ ᠦᠵᠡᠵᠡᠭᠡᠪᠡ᠃ | ᠥᠩᠭᠡᠷᠡᠭᠰᠡᠨ ᠲᠠᠪᠤᠨ ᠵᠢᠯ ᠪᠣᠯ ᠶᠡᠷᠦ ᠪᠤᠰᠤ ᠶᠢᠨ ᠲᠠᠪᠤᠨ ᠵᠢᠯ᠂ ᠪᠠᠶᠢᠳᠠᠯ ᠤᠷᠢᠳ ᠡᠮᠦᠨ᠎ᠡ ᠪᠠᠶᠢᠭ᠎ᠠ | ᠦᠭᠡᠢ ᠪᠤᠳᠤᠯᠢᠶᠠᠨᠲᠠᠶ᠂ ᠡᠭᠦᠷᠭᠡ ᠶᠢᠨ ᠬᠦᠨᠳᠦ ᠨᠢ ᠤᠷᠢᠳ ᠡᠮᠦᠨ᠎ᠡ ᠪᠠᠶᠢᠭ᠎ᠠ ᠦᠭᠡᠢ᠂ ᠰᠢ ᠶᠢᠨ ᠫᠢᠩ ᠨᠥᠬᠦᠷ ᠢᠶᠠᠷ | ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠦᠬᠦ ᠣᠷᠣᠨ ᠳᠠᠶᠠᠭᠠᠷ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠬᠤ᠂ ᠠᠯᠢ ᠣᠯᠠᠨ ᠪᠤᠷᠤᠭᠤ ᠬᠡᠯᠪᠠᠶᠢᠬᠦᠤ ᠶᠢ ᠵᠠᠯᠠᠷᠠᠭᠤᠯᠬᠤ᠂ | ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ᠂ ᠴᠡᠪᠡᠷᠰᠢᠭᠦᠯᠦᠨ ᠰᠢᠯᠢᠳᠡᠭᠵᠢᠭᠦᠯᠬᠦ ᠠᠵᠢᠯ ᠢ ᠥᠷᠨᠢᠭᠦᠯᠵᠤ᠂ ᠠᠯᠢ | ᠣᠯᠠᠨ ᠴᠢᠭᠯᠡᠯᠲᠦ ᠴᠢᠨᠠᠷᠳᠠᠢ᠂ ᠪᠦᠬᠦ ᠲᠠᠯ᠎ᠠ ᠶᠢᠨ ᠴᠢᠨᠠᠷᠳᠠᠢ᠂ ᠰᠠᠭᠤᠷᠢ ᠴᠢᠨᠠᠷᠳᠠᠢ ᠠᠰᠠᠭᠤᠳᠠᠯ ᠢ ᠰᠢᠢᠳᠪᠤᠷᠢᠯᠡᠵᠤ᠂ | ᠠᠵᠤ ᠠᠬᠤᠶ ᠨᠡᠶᠢᠭᠡᠮ ᠤᠨ ᠬᠥᠭᠵᠢᠯᠲᠡ ᠪᠠ ᠨᠠᠮ ᠤᠨ ᠪᠠᠶᠢᠭᠤᠯᠤᠯᠲᠠ ᠶᠢ ᠠᠬᠢᠭᠤᠯᠤᠨ ᠢᠯᠡᠳᠲᠡ ᠠᠮᠵᠢᠯᠲᠠ | ᠪᠦᠲᠦᠮᠵᠢ ᠣᠯᠵᠤ᠂ ᠨᠠᠮ ᠤᠨ ᠲᠥᠪ ᠬᠤᠷᠢᠶ᠎ᠠ ᠪᠣᠯᠤᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠳᠤ ᠨᠢᠭᠡ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠵᠠᠢ ᠭᠡᠵᠤ ᠤᠯᠠᠨ ᠢᠶᠠᠷ ᠢᠶᠠᠨ ᠬᠦᠨ | ᠲᠦᠷᠦᠭᠳᠡᠯ ᠲᠠᠢ ᠪᠠᠶᠢᠯ᠎ᠠ᠃ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠡᠨᠡ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠠᠯᠲᠠ ᠡᠭᠦᠷᠭᠡ ᠪᠠᠨ ᠲᠣᠭᠲᠠᠭᠠᠵᠤ᠂ ᠠᠴᠢ ᠬᠠᠷᠢᠭᠤᠯᠠᠨ ᠡᠷᠡᠮᠡᠬᠡᠶᠢᠯᠡᠨ | ᠤᠷᠤᠭᠰᠢᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ | ᠰᠠᠶᠢᠲᠤᠷ ᠵᠠᠮᠨᠠᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠢᠨ᠎ᠡ ᠬᠤᠪᠢ | ᠨᠡᠮᠡᠷᠢ ᠦᠵᠡᠭᠦᠯᠵᠦ᠂ ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠬᠡᠷᠡᠭᠲᠡᠢ | ᠭᠡᠵᠦ ᠤᠯᠠᠨ ᠢᠶᠠᠷ ᠢᠶᠠᠨ ᠰᠠᠨᠠᠯ ᠨᠢᠭᠡᠲᠡᠢ ᠦᠵᠡᠵᠡᠭᠡᠪᠡ᠃ |