ᠯᠢᠨ ᠱᠣᠣ ᠴᠦᠨ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ ᠦᠵᠡᠯ ᠰᠠᠨᠠᠭ᠎ᠠ ᠲᠠᠨᠢᠯᠳᠠ ᠪᠠᠨ ᠨᠢᠭᠡᠳᠭᠡᠵᠤ ᠪᠦᠬᠦ ᠬᠦᠴᠤᠨ ᠢᠶᠠᠷ ᠢᠶᠠᠨ ᠦᠨᠡᠨ ᠬᠦ ᠠᠳᠬᠤᠨ ᠪᠤᠳᠠᠳᠠᠢ ᠠᠵᠢᠯᠯᠠᠵᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠳᠤᠳᠠᠢ ᠰᠠᠶᠢᠳᠤᠷ ᠠᠳᠬᠤᠬᠤ ᠭᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/11/30
           11 ᠰᠠᠷ᠎ᠠ ᠶᠢᠨ 27 ᠤ ᠡᠳᠦᠷ᠂ ᠯᠢᠨ ᠱᠤᠤ ᠴᠦᠨ ᠲᠡᠭᠦᠨ ᠤ ᠪᠠᠶᠢᠭ᠎ᠠ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠤᠨ ᠭᠤᠣᠯ ᠴᠢᠮᠥᠭᠡ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠪᠣᠳᠠᠲᠠᠢ ᠲᠠᠢ ᠤᠶᠠᠯᠳᠤᠭᠤᠯᠤᠨ᠂ ᠭᠤᠣᠯᠳᠠᠯᠭ᠎ᠠ ᠶᠢ ᠳᠣᠪᠤᠶᠢᠯᠭᠠᠵᠤ᠂ ᠰᠤᠷᠲᠠᠯ ᠢᠶᠠᠨ ᠬᠤᠪᠢᠷᠠᠭᠤᠯᠤᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠤᠳᠠᠳᠠᠢ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠲᠠᠯ᠎ᠠ ᠪᠠᠷ ᠬᠤᠰᠢᠭᠤᠴᠢᠯᠠᠵᠤ᠂ ᠳᠠᠭᠤᠷᠢᠶᠠᠯ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃        ᠠᠳᠠᠯᠢ ᠪᠤᠰᠤ ᠬᠦᠷᠢᠶ᠎ᠡ ᠪᠣᠯᠤᠨ ᠠᠵᠢᠯ ᠲᠥᠷᠥᠯ ᠤᠨ ᠹᠷᠤᠨᠲ ᠠᠴᠠ ᠬᠦᠷᠦᠯᠴᠡᠨ ᠢᠷᠡᠭᠰᠡᠨ ᠲᠥᠯᠥᠭᠡᠯᠡᠭᠴᠢᠳ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠤᠬᠠᠢ ᠶᠢᠨ ᠲᠠᠯᠠᠪᠠᠢ ᠶᠢᠨ ᠶᠠᠷᠢᠯᠴᠠᠭ᠎ᠠ ᠮᠠᠰᠢ ᠬᠥᠭᠵᠢᠶᠡᠨ ᠲᠠᠢ ᠶᠠᠪᠤᠭᠳᠠᠪᠠ᠃        ᠯᠢᠨ ᠱᠤᠤ ᠴᠦᠨ ᠤᠯᠠᠨ ᠤ ᠭᠡᠯᠡᠬᠦ ᠶᠢ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠰᠢ ᠲᠠᠢ ᠹᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢ ᠲᠦᠯᠦᠭᠡᠯᠡᠨ ᠬᠢᠭᠰᠡᠨ ᠢᠯᠡᠳᠭᠡᠯ ᠨᠢ ᠲᠤᠭ ᠢ ᠥᠨᠳᠥᠷ ᠮᠠᠨᠳᠤᠭᠤᠯᠵᠤ᠂ ᠬᠥᠮᠦᠰ ᠤᠨ ᠰᠡᠳᠭᠢᠯ ᠢ ᠮᠠᠰᠢ ᠤᠷᠮᠠᠰᠢᠭᠤᠯᠵᠠᠢ᠃ ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠳᠠᠯ᠎ᠠ ᠪᠠᠷ ᠳᠤᠭᠤᠰᠢᠯᠠᠭᠤᠯᠤᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠮᠠᠷᠺᠰ ᠤᠨ ᠦᠵᠡᠯ ᠤᠨ ᠵᠣᠭᠰᠣᠯᠲᠠ ᠦᠵᠡᠯᠲᠡ ᠠᠷᠭ᠎ᠠ ᠪᠠᠷ ᠠᠰᠠᠭᠤᠳᠠᠯ ᠢ ᠠᠵᠢᠭᠯᠠᠨ ᠵᠠᠳᠠᠯᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠥᠪᠥᠷ ᠮᠣᠩᠭᠤᠯ ᠤᠨ ᠦᠢᠯᠡᠳᠦᠯᠭᠡ ᠶᠢ ᠵᠢᠯᠣᠭᠤᠳᠤᠨ᠂ ︽ᠬᠤᠶᠠᠷ ᠢ ᠬᠠᠮᠠᠭᠠᠯᠠᠬᠤ︾ ᠶᠢ ᠡᠷᠡᠰ ᠦᠢᠯᠡᠳᠦᠯᠭᠡᠵᠢᠭᠦᠯᠬᠦ ᠳᠡᠭᠡᠳᠦ ᠬᠡᠮᠵᠢᠶᠡᠨ ᠤ ᠤᠬᠠᠮᠰᠠᠷ ᠢ ᠭᠦᠢᠴᠡᠳ ᠢᠯᠡᠷᠡᠭᠦᠯᠵᠦ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠣᠨᠣᠯ ᠤᠨ ᠴᠢᠨᠠᠷ ᠲᠠᠢ ᠪᠣᠯᠵᠠᠢ︔ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠲᠠᠪᠤᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ︾ ᠶᠢ ᠡᠷᠬᠡᠪᠰᠢ ᠡᠭᠦᠷᠭᠡᠯᠡᠭᠦ ᠳᠤᠬᠠᠢ ᠳᠤᠳᠤᠷᠬᠠᠢ ᠳᠤᠷᠠᠳᠤᠨ᠂ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ ᠂ ᠴᠢᠭᠯᠡᠯᠲᠦ ᠴᠢᠨᠠᠷ ᠲᠠᠢ ᠪᠤᠯᠵᠠᠢ︔ ᠦᠨᠡᠨ ᠠᠴᠠ ᠵᠥᠪ ᠢ ᠡᠷᠢᠨ ᠠᠮᠵᠢᠯᠲᠠ ᠪᠠᠨ ᠳ᠋ᠦᠩᠨᠡᠵᠦ᠂ ᠵᠥᠷᠢᠴᠡᠯ ᠠᠰᠠᠭᠤᠳᠠᠯ ᠪᠣᠯᠤᠨ ᠠᠵᠢᠯ ᠤᠨ ᠵᠥᠷᠢᠶ᠎ᠡ ᠳᠤ ᠰᠡᠷᠭᠡᠭ ᠢᠶᠠᠷ ᠰᠢᠭᠤᠳ ᠬᠠᠨᠳᠤᠵᠤ᠂ ᠲᠤᠷᠰᠢᠯᠭ᠎ᠠ ᠪᠠᠨ ᠳ᠋ᠦᠩᠨᠡᠨ ᠬᠡᠷᠡᠭᠯᠡᠵᠤ᠂ ᠠᠰᠠᠭᠤᠳᠠᠯ ᠳᠤ ᠵᠦᠪ ᠢᠶᠠᠷ ᠬᠠᠨᠳᠤᠨ ᠰᠢᠢᠳᠪᠦᠷᠢᠯᠡᠬᠦ ᠤᠯᠤᠰ ᠲᠥᠷᠥ ᠶᠢᠨ ᠤᠬᠠᠮᠰᠠᠷ ᠪᠣᠯᠤᠨ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠮᠠᠰᠢ ᠴᠢᠩᠭ᠎ᠠ ᠦᠢᠯᠡᠳᠦᠯᠭᠡ ᠶᠢᠨ ᠴᠢᠨᠠᠷᠲᠠᠢ ᠵᠢᠯᠣᠭᠤᠳᠬᠤ ᠴᠢᠨᠠᠷᠲᠠᠢ ᠪᠤᠯᠵᠠᠢ ᠭᠡᠵᠤ ᠵᠢᠭᠠᠵᠤ ᠭᠠᠷᠭᠠᠪᠠ᠃        ᠯᠢᠨ ᠱᠤᠤ ᠴᠦᠨ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠢ ᠰᠤᠷᠤᠯᠴᠠᠬᠤ ᠶᠢᠨ ᠵᠠᠩᠭᠢᠯᠠᠭ᠎ᠠ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠳᠤ ᠪᠣᠢ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠣᠬᠢᠷᠲᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠪᠠᠲᠤ ᠴᠤᠭᠴᠠᠯᠠᠵᠤ᠂ ︽ᠬᠤᠶᠠᠷ ᠬᠠᠯᠬᠠᠪᠴᠢ︾ ᠶᠢ ᠪᠠᠳᠤ ᠴᠤᠭᠴᠠᠯᠠᠬᠤ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠣᠳᠠᠲᠠᠢ ᠲᠠᠢ ᠪᠠᠨ ᠤᠶᠠᠯᠳᠤᠭᠤᠯᠤᠨ᠂ ᠭᠤᠣᠯᠳᠠᠯᠭ᠎ᠠ ᠪᠠᠨ ᠳᠣᠪᠤᠶᠢᠯᠭᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠰᠠᠶᠢᠳᠤᠷ ᠠᠳᠬᠤᠬᠤ ᠬᠡᠷᠡᠭᠲᠡᠢ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠯᠤᠰ ᠲᠥᠷᠥ ᠶᠢᠨ ᠠᠮᠢ ᠠᠬᠤᠢ ᠶᠢ ᠦᠷᠭᠦᠯᠵᠢᠯᠡᠨ ᠰᠡᠷᠭᠦᠭᠡᠨ ᠴᠡᠪᠡᠷᠰᠢᠭᠦᠯᠵᠦ᠂ ᠡᠯ᠎ᠡ ᠱᠠᠲᠤᠨ ᠤ ᠤᠳᠤᠷᠢᠳᠬᠤ ᠺᠠᠳ᠋ᠷ ᠡᠨᠡ ᠬᠦ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号