| | ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 29 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠵᠸᠡᠭ | ᠮᠢᠩ ᠳ᠋ᠠ︶ ᠤᠯᠤᠰ ᠤᠨ ᠲᠡᠷᠢᠭᠦᠯᠡᠭᠴᠢ ᠰᠢ ᠶᠢᠨ ᠫᠢᠩ 29 ᠤ ᠤᠷᠤᠢ ᠪᠡᠭᠡᠵᠢᠩ ᠳᠤ ᠸᠢᠳᠢᠣ᠋ ᠬᠡᠯᠪᠡᠷᠢ ᠪᠠᠷ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠨᠠᠢᠮᠠᠳᠤᠭᠠᠷ ᠬᠤᠭᠤᠴᠠᠭᠠᠨ ᠤ ᠰᠠᠶᠢᠳ ᠤᠨ ᠲᠡᠰ ᠤᠨ | ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ᠂ ᠳᠤᠮᠳᠠᠳᠤ ᠤᠯᠤᠰ ᠪᠣᠯᠤᠨ ᠠᠹᠷᠢᠺᠠ | ᠲᠢᠪ ᠤᠨ 53 ᠤᠯᠤᠰ ᠤᠨ ᠤᠯᠤᠰ ᠤᠨ ᠲᠤᠭ ᠵᠢᠴᠢ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠲᠤᠭ ᠢᠶᠠᠷ | ᠪᠦᠷᠢᠯᠳᠦᠭᠰᠡᠨ ᠲᠤᠭ ᠳᠠᠯᠪᠠᠭ᠎ᠠ ᠨᠤᠭᠤᠳ ᠦᠩᠬᠡ ᠢᠯᠭᠠᠷᠠᠨ ᠰᠦᠷ ᠵᠢᠪᠬᠤᠯᠠᠩᠳᠠᠢ ᠪᠠᠶᠢᠵᠥ᠂ ᠳᠤᠮᠳᠠᠳᠤ ᠠᠹᠷᠢᠺᠠ ᠶᠢᠨ | ᠶᠠᠪᠤᠬᠤ ᠳᠤᠳᠤᠮ ᠪᠠᠳᠤᠵᠢᠬᠰᠠᠨ ᠨᠥᠬᠦᠷᠰᠡᠭ ᠬᠠᠶᠢᠷ᠎ᠠ ᠰᠡᠳᠭᠢᠯᠭᠡ ᠶᠢ ᠬᠠᠷᠠᠭᠤᠯᠤᠨ᠎ᠠ᠃ | ᠰᠢ ᠶᠢᠨ ᠫᠢᠩ ︽ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠥ᠂ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠵᠦ᠂ ᠭᠠᠷ ᠬᠤᠯᠪᠣᠯᠴᠠᠨ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠭᠡᠯ ᠬᠢᠪᠡ᠃ | | ᠰᠢ ᠶᠢᠨ ᠫᠢᠩ᠂ ᠡᠨᠡ ᠵᠢᠯ ᠪᠣᠯ ᠳᠤᠮᠳᠠᠳᠤ ᠠᠹᠷᠢᠺᠠ ᠶᠢᠨ ᠭᠠᠳᠠᠭᠠᠳᠤ ᠬᠠᠷᠢᠯᠴᠠᠭ᠎ᠠ ᠪᠠᠨ ᠡᠬᠢᠯᠡᠭᠦᠯᠦᠭᠰᠡᠨ 65 | ᠵᠢᠯ ᠤᠨ ᠤᠢ ᠪᠣᠯᠤᠨ᠎ᠠ᠃ 65 ᠵᠢᠯ ᠤᠨ ᠲᠤᠷᠰᠢ᠂ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠡᠵᠡᠷᠬᠡᠭ | ᠳᠦᠷᠢᠮᠡᠬᠡᠶᠢᠲᠡᠨ ᠢ ᠡᠰᠡᠷᠭᠦᠴᠡᠬᠦ ᠺᠣᠯᠣᠨᠢᠴᠢᠯᠠᠯ ᠢ ᠡᠰᠡᠷᠭᠦᠴᠡᠬᠦ ᠲᠡᠮᠡᠴᠡᠯ ᠳᠤᠮᠳᠠ ᠡᠪᠳᠡᠷᠡᠰᠢ ᠦᠭᠡᠢ ᠪᠠᠲᠤ ᠪᠠᠬᠢ ᠠᠬ᠎ᠠ | ᠳᠡᠭᠦᠦ ᠶᠢᠨ ᠨᠥᠬᠦᠷᠯᠡᠯ ᠢ ᠪᠠᠶᠢᠭᠤᠯᠵᠤ᠂ ᠬᠥᠭᠵᠢᠨ ᠮᠠᠨᠳᠤᠬᠤ ᠠᠶᠠᠨ ᠳᠤ ᠢᠯᠡ ᠲᠣᠳᠣ ᠣᠨᠴᠠᠯᠢᠭ ᠲᠠᠢ | ᠬᠠᠮᠲᠤᠷᠠᠯᠴᠠᠭᠠᠨ ᠤ ᠵᠠᠮ ᠢ ᠨᠡᠭᠡᠭᠡᠵᠦ᠂ ᠨᠠᠷᠢᠨ ᠪᠤᠳᠤᠯᠢᠶᠠᠨᠲᠠᠢ ᠬᠤᠪᠢᠷᠠᠯᠲᠠ ᠶᠢᠨ ᠳᠤᠮᠳᠠ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠰᠠᠨ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠵᠦ᠂ ᠰᠢᠨ᠎ᠡ ᠬᠡᠯᠪᠡᠷᠢ ᠶᠢᠨ ᠤᠯᠠᠨ ᠤᠯᠤᠰ ᠤᠨ | ᠬᠠᠷᠢᠯᠴᠠᠭ᠎ᠠ ᠶᠢ ᠪᠠᠶᠢᠭᠤᠯᠬᠤ ᠳᠤ ᠭᠡᠷᠡᠯ ᠰᠠᠴᠤᠷᠠᠩᠭᠤᠢ ᠬᠡᠪ ᠳᠠᠭᠤᠷᠢᠶᠠᠯ ᠢ ᠪᠤᠢ ᠪᠣᠯᠭᠠᠵᠠᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠠᠭᠠᠬᠢᠭᠠᠳ ᠰᠠᠶᠢᠨ ᠪᠠᠶᠢᠳᠠᠭ ᠪᠤᠢ︖ ᠳᠤᠮᠳᠠᠳᠤ | ᠠᠹᠷᠢᠺᠠ ᠶᠢᠨ ᠨᠥᠬᠦᠷᠯᠡᠯ ᠶᠠᠭᠠᠬᠢᠭᠠᠳ ᠭᠦᠨ ᠵᠤᠵᠠᠭᠠᠨ ᠪᠠᠶᠢᠳᠠᠭ ᠪᠤᠢ︖ ᠵᠠᠩᠭᠢᠯᠠᠭ᠎ᠠ ᠨᠢ ᠬᠤᠶᠠᠷ ᠲᠠᠯ᠎ᠠ ᠪᠠᠷ ᠢᠶᠠᠨ | ᠶᠠᠪᠤᠬᠤ ᠲᠤᠳᠤᠮ ᠪᠠᠬᠢᠵᠢᠭ᠍ᠰᠡᠨ ᠳᠤᠮᠳᠠᠳᠤ ᠠᠹᠷᠢᠺᠠ ᠶᠢᠨ ᠨᠥᠬᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠴᠣᠭᠴᠠᠯᠠᠨ | ᠪᠠᠶᠢᠭᠤᠯᠤᠬᠰᠠᠨ ᠳᠤ ᠪᠤᠢ᠂ ᠡᠨᠡ ᠨᠢ ᠳᠠᠷᠤᠢ ︽ᠦᠨᠡᠨᠴᠢ ᠨᠥᠬᠦᠷᠰᠡᠭ᠂ ᠡᠷᠬᠡ ᠲᠡᠭᠰᠢ ᠪᠠᠷ ᠬᠠᠨᠳᠤᠯᠴᠠᠬᠤ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠬᠦᠷᠳᠡᠬᠦ᠂ ᠬᠠᠮᠲᠤ ᠪᠠᠷ ᠬᠥᠭᠵᠢᠬᠦ᠂ ᠦᠨᠡᠨ ᠶᠤᠰᠤ ᠶᠢ ᠪᠠᠷᠢᠮᠲᠠᠯᠠᠬᠤ᠂ ᠰᠢᠳᠤᠷᠭᠤ | ᠶᠣᠰᠣ ᠶᠢ ᠬᠠᠮᠠᠭᠠᠯᠠᠬᠤ᠂ ᠴᠠᠭ ᠤᠨ ᠪᠠᠶᠢᠳᠠᠯ ᠳᠤ ᠵᠣᠬᠢᠴᠠᠬᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ︾ ᠶᠠᠪᠤᠳᠠᠯ | ᠪᠣᠯᠤᠨ᠎ᠠ᠃ ᠡᠨᠡ ᠪᠣᠯ ᠳᠤᠮᠳᠠᠳᠤ ᠠᠹᠷᠢᠺᠠ ᠬᠤᠶᠠᠷ ᠲᠠᠯ᠎ᠠ ᠶᠢᠨ ᠬᠡᠳᠦᠨ ᠠᠷᠪᠠᠨ ᠵᠢᠯ ᠤᠨ ᠲᠤᠷᠰᠢ ᠵᠢᠷᠭᠠᠯ ᠵᠣᠪᠠᠯᠠᠩ ᠢᠶᠠᠨ | ᠬᠠᠮᠲᠤᠳᠬᠠᠵᠤ᠂ ᠮᠥᠷᠥ ᠵᠡᠷᠭᠡᠴᠡᠨ ᠲᠡᠮᠡᠴᠡᠭᠰᠡᠨ ᠤ ᠦᠨᠡᠨ ᠪᠣᠳᠠᠲᠤ ᠵᠢᠷᠤᠭᠯᠠᠯ ᠮᠥᠨ᠂ ᠳᠤᠮᠳᠠᠳᠤ ᠠᠹᠷᠢᠺᠠ ᠶᠢᠨ | ᠨᠥᠬᠦᠷᠰᠡᠭ ᠬᠠᠷᠢᠯᠴᠠᠭᠠᠨ ᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠭᠰᠡᠨ ᠬᠦᠴᠦᠨ ᠴᠢᠳᠠᠯ ᠤᠨ ᠡᠬᠢ | ᠪᠤᠯᠠᠭ ᠮᠥᠨ ᠬᠡᠵᠥ ᠴᠢᠬᠤᠯᠠᠴᠢᠯᠠᠪᠠ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ | ᠶᠣᠰᠣᠨ ᠤ ᠪᠠᠶᠢᠷᠢ ᠰᠠᠭᠤᠷᠢ ᠪᠠᠨ ᠰᠡᠷᠭᠦᠭᠡᠭᠰᠡᠨ 50 ᠵᠢᠯ ᠤᠨ ᠤᠢ ᠪᠣᠯᠤᠨ᠎ᠠ᠃ ᠪᠢ ᠲᠤᠬᠠᠢ ᠶᠢᠨ ᠵᠢᠯ ᠳᠤ ᠳᠤᠮᠳᠠᠳᠤ | ᠤᠯᠤᠰ ᠢ ᠳᠡᠮᠵᠢᠭᠰᠡᠨ ᠠᠹᠷᠢᠺᠠ ᠲᠢᠪ ᠤᠨ ᠥᠷᠭᠡᠨ ᠣᠯᠠᠨ ᠨᠠᠶᠢᠵᠠ ᠨᠠᠷ ᠲᠤ ᠴᠢᠩ ᠰᠡᠳᠭᠢᠯ ᠤᠨ ᠲᠠᠯᠠᠷᠬᠠᠯ ᠢᠶᠠᠨ | ᠳᠡᠪᠰᠢᠭᠦᠯᠵᠦ ᠪᠠᠶᠢᠨ᠎ᠠ︕ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠤᠨ ᠭᠦᠨ ᠵᠤᠵᠠᠭᠠᠨ ᠨᠠᠶᠢᠷ | ᠰᠡᠳᠭᠢᠯᠭᠡ ᠶᠢ ᠡᠭᠦᠷᠢᠳᠡ ᠮᠠᠷᠲᠠᠬᠤ ᠦᠭᠡᠢ᠂ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠪᠠ ᠵᠥᠪ | ᠤᠨᠤᠪᠴᠢᠳᠠᠢ ᠠᠰᠢᠭ ᠵᠢᠷᠤᠮ ᠤᠨ ᠦᠵᠡᠯᠲᠡ ᠶᠢ ᠦᠷᠭᠦᠯᠵᠢᠯᠡᠨ ᠪᠠᠷᠢᠮᠲᠠᠯᠠᠵᠤ᠂ ᠠᠹᠷᠢᠺᠠ ᠲᠢᠪ ᠤᠨ ᠨᠠᠶᠢᠵᠠ ᠨᠠᠷ ᠲᠠᠢ | ᠬᠠᠮᠲᠤ ᠪᠠᠷ᠂ ᠳᠤᠮᠳᠠᠳᠤ ᠠᠹᠷᠢᠺᠠ ᠶᠢᠨ ᠨᠥᠬᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠤ | ᠤᠯᠠᠮᠵᠢᠯᠠᠵᠤ᠂ ᠪᠠᠳᠠᠷᠠᠭᠤᠯᠤᠨ ᠳᠡᠯᠭᠡᠷᠡᠭᠦᠯᠦᠨ᠎ᠡ ᠬᠡᠵᠥ ᠵᠢᠭᠠᠵᠥ ᠭᠠᠷᠭᠠᠪᠠ᠃ | ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠲᠤᠬᠠᠢ 4 ᠲᠠᠯ᠎ᠠ ᠶᠢᠨ ᠵᠣᠷᠢᠯᠲᠠ ᠳᠤᠷᠠᠳᠪᠠ᠃ | ᠨᠢᠭᠡᠳᠦᠭᠡᠷ ᠲᠤ᠂ ᠪᠦᠯᠬᠦᠮᠳᠡᠨ ᠬᠢᠵᠢᠭ ᠲᠠᠢ ᠲᠡᠮᠡᠴᠡᠬᠦ ᠶᠢ ᠪᠠᠷᠢᠮᠲᠠᠯᠠᠶ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ | ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠸᠠᠺᠼᠢᠨ ᠤ | ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠯᠲᠦᠷᠢᠭᠦᠯᠦᠯ ᠢ ᠳᠡᠮᠵᠢᠵᠦ᠂ ᠸᠠᠺᠼᠢᠨ ᠤ ᠠᠹᠷᠢᠺᠠ ᠲᠢᠪ ᠲᠠᠬᠢ ᠪᠣᠯᠤᠮᠵᠢᠲᠤ | ᠴᠢᠨᠠᠷ ᠪᠠ ᠡᠭᠦᠷᠭᠡᠯᠡᠵᠦ ᠪᠣᠯᠬᠤᠶᠢᠴᠠ ᠴᠢᠨᠠᠷ ᠢ ᠦᠨᠡᠨ ᠬᠦ ᠪᠠᠲᠤᠯᠠᠵᠤ᠂ ︽ᠡᠭᠡᠯᠢᠯᠡᠭᠡ ᠶᠢᠨ ᠵᠦᠷᠢᠶ᠎ᠡ︾ ᠶᠢ ᠨᠥᠬᠦᠪᠥᠷᠢᠯᠡᠶ᠎ᠡ | ᠃ | ᠬᠤᠶᠠᠳᠤᠭᠠᠷ ᠲᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠶ᠎ᠡ᠃ ᠠᠷᠠᠯᠵᠢᠶ᠎ᠠ ᠪᠣᠯᠤᠨ | ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠥᠷᠭᠡᠳᠭᠡᠵᠦ᠂ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠵᠤ | ᠶᠠᠳᠠᠭᠤ ᠠᠴᠠ ᠠᠩᠭᠢᠵᠢᠷᠠᠭᠤᠯᠤᠭᠰᠠᠨ ᠲᠤᠷᠰᠢᠯᠭ᠎ᠠ ᠪᠠᠨ ᠬᠤᠪᠢᠶᠠᠯᠴᠠᠵᠤ᠂ ᠲᠣᠭᠠᠴᠢᠯᠠᠭᠰᠠᠨ ᠠᠵᠤ ᠠᠬᠤᠢ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠹᠷᠢᠺᠠ ᠲᠢᠪ ᠤᠨ ᠵᠠᠯᠠᠭᠤᠴᠤᠳ ᠤᠨ ᠦᠢᠯᠡᠰ ᠪᠤᠰᠬᠠᠬᠤ ᠪᠠ ᠳᠤᠮᠳᠠ ᠪᠠᠭ᠎ᠠ | ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠶ᠎ᠠ᠃ ᠠᠹᠷᠢᠺᠠ ᠲᠢᠪ ᠤᠨ ᠤᠯᠤᠰ ᠤᠳ ᠤᠨ ᠪᠦᠬᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠳᠤ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠭᠤᠷᠪᠠᠳᠤᠭᠠᠷ ᠲᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠶ᠎ᠡ᠃ ᠪᠣᠬᠢᠷᠲᠤᠯ ᠦᠭᠡᠢ ᠳᠤᠤᠷ᠎ᠠ | ᠨᠡᠭᠦᠷᠡᠰᠦᠲᠥ᠋ᠷᠥᠭᠴᠢᠳᠤ ᠣᠶᠢᠯᠠᠭᠠᠭᠳᠠᠬᠤᠨ ᠢ ᠰᠠᠨᠠᠭᠠᠴᠢᠯᠠᠵᠤ᠂ ᠨᠡᠷᠡᠨ ᠤ ᠡᠨᠧᠷᠭᠢ᠂ ᠰᠠᠯᠬᠢᠨ ᠤ ᠡᠨᠧᠷᠭᠢ ᠵᠡᠷᠭᠡ ᠲᠠᠬᠢᠨ | ᠡᠭᠦᠰᠴᠦ ᠪᠤᠯᠬᠤ ᠡᠨᠧᠷᠭᠢ ᠶᠢ ᠢᠳᠡᠪᠬᠢᠲᠡᠢ ᠬᠥᠭᠵᠢᠭᠦᠯᠵᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ︽ | ᠫᠠᠷᠢᠰ ᠤᠨ ᠬᠡᠯᠡᠯᠴᠡᠭᠡᠷ︾ ᠤᠨ ᠪᠦᠲᠦᠮᠵᠢᠲᠡᠢ ᠬᠡᠷᠡᠭᠵᠢᠭᠦᠯᠦᠭᠳᠡᠬᠦ ᠶᠢ ᠠᠬᠢᠭᠤᠯᠵᠤ᠂ ᠦᠷᠭᠦᠯᠵᠢᠯᠡᠬᠦ ᠬᠥᠭᠵᠢᠯᠲᠡ ᠶᠢᠨ | ᠴᠢᠳᠠᠪᠤᠷᠢ ᠶᠢ ᠲᠠᠰᠤᠷᠠᠯᠳᠠ ᠦᠭᠡᠢ ᠴᠢᠩᠭᠠᠳᠬᠠᠶᠡ᠃ | ᠳᠥᠷᠪᠡᠳᠦᠭᠡᠷ ᠲᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠶ᠎ᠠ᠃ ᠳᠡᠯᠡᠬᠡᠢ ᠶᠢᠷᠲᠢᠨᠴᠦ ᠵᠢᠩᠬᠢᠨᠢ | ᠤᠯᠠᠨ ᠲᠠᠯᠠᠲᠤ ᠦᠵᠡᠯ ᠢ ᠴᠢᠬᠤᠯᠠᠴᠢᠯᠠᠨ᠎ᠠ᠃ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ | ᠠᠷᠠᠳᠴᠢᠯᠠᠯ᠂ ᠡᠷᠬᠡ ᠴᠢᠯᠥᠭᠡ ᠪᠣᠯ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠮᠥᠨ᠂ ᠳᠤᠮᠳᠠᠳᠤ ᠠᠹᠷᠢᠺᠠ | ᠬᠤᠶᠠᠷ ᠲᠠᠯ᠎ᠠ ᠶᠢᠨ ᠴᠥᠬᠦᠷᠡᠰᠢ ᠦᠭᠡᠢ ᠬᠥᠭᠡᠭᠡᠴᠡᠯᠳᠦᠬᠦ ᠬᠠᠮᠲᠤ ᠶᠢᠨ ᠬᠠᠷᠠᠯᠲᠠ ᠮᠥᠨ᠃ ᠪᠢᠳᠡ ᠴᠥᠮ ᠲᠤᠰ | ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠵᠣᠷᠢᠵᠤ᠂ ᠴᠥᠮ ᠬᠥᠭᠵᠢᠵᠦ | ᠪᠠᠶᠢᠭ᠎ᠠ ᠤᠯᠤᠰ ᠤᠳ ᠤᠨ ᠡᠷᠬᠡ ᠠᠰᠢᠭ ᠢ ᠬᠠᠮᠠᠭᠠᠯᠠᠬᠤ ᠪᠠᠷ ᠴᠢᠷᠮᠠᠶᠢᠵᠤ᠂ ᠴᠥᠮ ᠳᠣᠲᠣᠭᠠᠳᠤ ᠵᠠᠰᠠᠭ ᠲᠤ ᠭᠠᠷ ᠲᠦᠷᠦᠭᠦ | ᠂ ᠠᠷᠠᠰᠤᠲᠠᠨ ᠢ ᠭᠠᠳᠠᠭᠤᠷᠴᠢᠯᠠᠬᠤ᠂ ᠭᠠᠭᠴᠠ ᠲᠠᠯ᠎ᠠ ᠶᠢᠨ ᠵᠠᠯᠬᠠᠭᠠᠯ ᠶᠠᠪᠤᠭᠤᠯᠬᠤ ᠶᠢ ᠡᠰᠡᠷᠭᠦᠴᠡᠵᠦ ᠪᠠᠶᠢᠨ᠎ᠠ᠃ ᠪᠢᠳᠡ | ᠣᠮᠤᠭ ᠵᠣᠷᠢᠭ ᠲᠡᠭᠦᠯᠳᠡᠷ ᠢᠶᠠᠷ ᠬᠥᠭᠵᠢᠵᠦ ᠪᠠᠶᠢᠭ᠎ᠠ ᠤᠯᠤᠰ ᠤᠳ ᠤᠨ ᠰᠢᠳᠤᠷᠭᠤ ᠶᠣᠰᠣᠨ ᠤ ᠵᠣᠷᠢᠯᠲᠠ ᠶᠢ ᠪᠠᠷᠢᠮᠲᠠᠯᠠᠵᠤ᠂ | ᠮᠠᠨ ᠤ ᠬᠠᠮᠲᠤ ᠶᠢᠨ ᠬᠦᠰᠡᠯ ᠱᠠᠭᠠᠷᠳᠠᠯᠭ᠎ᠠ ᠪᠠ ᠬᠠᠮᠲᠤ ᠶᠢᠨ ᠠᠰᠢᠭ ᠲᠤᠰᠠ ᠪᠠᠨ ᠬᠠᠮᠲᠤ ᠶᠢᠨ ᠠᠵᠢᠯᠯᠠᠭ᠎ᠠ ᠪᠣᠯᠭᠠᠨ | ᠬᠤᠪᠢᠷᠠᠭᠤᠯᠤᠶᠡ᠃ | ᠰᠢ ᠶᠢᠨ ᠫᠢᠩ᠂ ︽ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ 2035 ᠣᠨ ᠤ ᠠᠯᠤᠰ ᠤᠨ ᠲᠥᠰᠦᠪ︾ | ᠤᠨ ᠠᠩᠬᠠᠳᠠᠭᠴᠢ ᠭᠤᠷᠪᠠᠨ ᠵᠢᠯ ᠤᠨ ᠲᠥᠯᠥᠪᠵᠢᠭᠦᠯᠭᠡ ᠪᠤᠯᠭᠠᠵᠦ᠂ ᠳᠤᠮᠳᠠᠳᠤ ᠤᠯᠤᠰ ᠠᠹᠷᠢᠺᠠ ᠲᠢᠪ ᠤᠨ | ᠤᠯᠤᠰ ᠤᠳ ᠲᠠᠢ ᠨᠢᠭᠲᠠ ᠬᠠᠮᠵᠢᠯᠴᠠᠵᠤ᠂ ︽ᠶᠢᠰᠦᠨ ᠵᠦᠢᠯ ᠤᠨ ᠢᠨᠵᠧᠨᠧᠷᠢᠩ︾ ᠢ ᠬᠠᠮᠲᠤ ᠪᠠᠷ ᠬᠡᠷᠡᠭᠵᠢᠭᠦᠯᠦᠨ᠎ᠡ ᠭᠡᠵᠤ | ᠵᠢᠭᠠᠵᠤ ᠭᠠᠷᠭᠠᠪᠠ᠃ | ᠨᠢᠭᠡᠳᠦᠭᠡᠷ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠢᠨᠵᠧᠨᠧᠷᠢᠩ᠃ ᠳᠤᠮᠳᠠᠳᠤ ᠤᠯᠤᠰ ᠠᠹᠷᠢᠺᠠ ᠳᠤ | ᠳᠠᠬᠢᠨᠲᠠ 10 ᠳ᠋ᠦᠩᠰᠢᠭᠤᠷ ᠸᠠᠺᠼᠢᠨ ᠬᠠᠩᠭᠠᠨ᠎ᠠ᠂ ᠡᠭᠦᠨ ᠳᠤ 6 ᠳ᠋ᠦᠩᠰᠢᠭᠤᠷ ᠸᠠᠺᠼᠢᠨ ᠢ ᠦᠨ᠎ᠡ ᠲᠥᠯᠥᠪᠦᠷᠢ | ᠥᠬᠡᠶ ᠪᠠᠷ ᠲᠤᠰᠠᠯᠠᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠬᠢᠭᠡᠳ ᠠᠹᠷᠢᠺᠠ ᠲᠢᠪ ᠤᠨ ᠬᠤᠯᠪᠣᠭᠳᠠᠯ ᠪᠥᠬᠦᠶ | ᠤᠯᠤᠰ ᠤᠳ ᠬᠠᠮᠲᠤᠷᠠᠨ ᠦᠶ᠋ᠯᠡᠳᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ 4 ᠳ᠋ᠦᠩᠰᠢᠭᠤᠷ ᠸᠠᠺᠼᠢᠨ ᠬᠠᠩᠭᠠᠨ᠎ᠠ᠃ ᠳᠤᠮᠳᠠᠳᠤ | ᠤᠯᠤᠰ ᠪᠠᠰᠠ ᠠᠹᠷᠢᠺᠠ ᠲᠢᠪ ᠤᠨ ᠤᠯᠤᠰ ᠤᠳ ᠲᠤ ᠡᠮ ᠡᠮᠨᠡᠯᠭᠡ ᠡᠷᠡᠭᠦᠯ ᠬᠠᠮᠠᠭᠠᠯᠠᠯ ᠤᠨ 10 ᠲᠦ᠋ᠷᠦᠯ ᠵᠦᠢᠯ ᠢ | ᠲᠤᠰᠠᠯᠠᠨ ᠬᠡᠷᠡᠭᠵᠢᠭᠦᠯᠵᠦ᠂ ᠠᠹᠷᠢᠺᠠ ᠲᠢᠪ ᠲᠤ 1500 ᠡᠮᠴᠢᠯᠡᠭᠡᠨ ᠤ ᠠᠩᠭᠢ ᠶᠢᠨ ᠭᠡᠰᠢᠭᠦᠨ ᠪᠠ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯᠲᠡᠨ ᠲᠣᠮᠢᠯᠠᠨ᠎ᠠ᠃ | ᠬᠤᠶᠠᠳᠤᠭᠠᠷ ᠨᠢ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠭᠡᠨ ᠲᠠᠷᠢᠶᠠᠴᠢᠳ ᠲᠤ ᠠᠰᠢᠭ ᠬᠦᠷᠲᠡᠭᠡᠬᠦ | ᠢᠨᠵᠧᠨᠧᠷᠢᠩ᠃ ᠳᠤᠮᠳᠠᠳᠤ ᠤᠯᠤᠰ ᠠᠹᠷᠢᠺᠠ ᠲᠢᠪ ᠲᠤ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠬᠦ ᠪᠠ | ᠬᠥᠳᠡᠭᠡ ᠠᠵᠤ ᠠᠬᠤᠢ ᠶᠢᠨ 10 ᠲᠦᠷᠦᠯ ᠵᠦᠢᠯ ᠢ ᠲᠤᠰᠠᠯᠠᠨ ᠬᠡᠷᠡᠭᠵᠢᠭᠦᠯᠵᠦ᠂ 500 ᠬᠥᠳᠡᠭᠡ ᠠᠵᠤ ᠠᠬᠤᠢ ᠶᠢᠨ | ᠲᠤᠰᠬᠠᠢ ᠮᠡᠷᠭᠡᠵᠢᠯᠲᠡᠨ ᠢ ᠲᠣᠮᠢᠯᠠᠵᠤ᠂ ᠳᠤᠮᠳᠠᠳᠤ ᠤᠯᠤᠰ ᠲᠤ ᠨᠢᠭᠡ ᠪᠦᠯᠦᠭ ᠳᠤᠮᠳᠠᠳᠤ ᠠᠹᠷᠢᠺᠠ ᠶᠢᠨ ᠤᠳᠤ ᠦᠶ᠎ᠡ ᠶᠢᠨ | ᠬᠥᠳᠡᠭᠡ ᠠᠵᠤ ᠠᠬᠤᠢ ᠶᠢᠨ ᠮᠡᠷᠭᠡᠵᠢᠯ ᠤᠨ ᠰᠣᠯᠢᠯᠴᠠᠭᠠᠨ ᠤ ᠵᠢᠱᠢᠶ᠎ᠡ ᠦᠵᠡᠭᠦᠯᠬᠦ ᠪᠠ ᠪᠣᠯᠪᠠᠰᠤᠷᠠᠯ ᠬᠦᠷᠳᠡᠭᠡᠬᠦ | ᠬᠤᠯᠪᠣᠭᠠᠲᠤ ᠲᠥᠪ ᠪᠠᠶᠢᠭᠤᠯᠵᠤ᠂ ᠳᠤᠮᠳᠠᠳᠤ ᠤᠯᠤᠰ ᠤᠨ ᠪᠠᠶᠢᠭᠤᠯᠤᠮᠵᠢ ᠪᠣᠯᠤᠨ ᠠᠵᠤ ᠠᠬᠤᠶᠢᠯᠠᠯ ᠤᠨ ᠠᠹᠷᠢᠺᠠ | ᠲᠢᠪ ᠲᠤ ᠳᠤᠮᠳᠠᠳᠤ ᠠᠹᠷᠢᠺᠠ ᠶᠢᠨ ᠬᠥᠳᠡᠭᠡ ᠠᠵᠤ ᠠᠬᠤᠢ ᠶᠢᠨ ᠬᠥᠭᠵᠢᠯᠲᠡ ᠪᠣᠯᠤᠨ ᠶᠠᠳᠠᠭᠤ ᠬᠦᠴᠢᠷᠳᠡᠯᠳᠠᠢ ᠬᠦᠮᠦᠨ | ᠠᠮᠠ ᠶᠢ ᠴᠦᠭᠡᠳᠭᠡᠬᠦ ᠵᠢᠱᠢᠶ᠎ᠡ ᠦᠵᠡᠭᠦᠯᠬᠦ ᠲᠣᠰᠬᠤᠨ ᠪᠠᠶᠢᠭᠤᠯᠬᠤ ᠶᠢ ᠵᠣᠷᠢᠭᠵᠢᠭᠤᠯᠵᠤ᠂ ᠳᠤᠮᠳᠠᠳᠤ ᠤᠯᠤᠰ ᠤᠨ | ᠠᠹᠷᠢᠺᠠ ᠳᠤ ᠪᠠᠶᠢᠭ᠎ᠠ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢᠨ ᠬᠤᠯᠪᠣᠭ᠎ᠠ ᠠᠴᠠ ︽ᠵᠠᠭᠤᠨ ᠠᠵᠤ | ᠠᠬᠤᠶᠢᠯᠠᠯ ᠮᠢᠩᠭᠠᠨ ᠲᠣᠰᠬᠤᠨ︾ ᠤ ᠠᠵᠢᠯᠯᠠᠭ᠎ᠠ ᠥᠷᠨᠢᠭᠦᠯᠬᠦ ᠶᠢ ᠲᠡᠮᠵᠢᠨ᠎ᠠ᠃ | ᠭᠤᠷᠪᠠᠳᠤᠭᠠᠷ ᠨᠢ ᠠᠷᠠᠯᠵᠢᠶ᠎ᠠ ᠶᠢ ᠠᠬᠢᠭᠤᠯᠬᠤ ᠢᠨᠵᠧᠨᠧᠷᠢᠩ᠃ ᠳᠤᠮᠳᠠᠳᠤ ᠤᠯᠤᠰ ᠠᠹᠷᠢᠺᠠ ᠲᠢᠪ ᠤᠨ | ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ ᠤᠯᠤᠰ ᠲᠤ ᠪᠤᠷᠤᠯᠠᠭᠤᠯᠬᠤ ᠳᠤ ︽ᠰᠠᠭᠠᠳ ᠦᠭᠡᠢ ᠨᠡᠪᠲᠡᠷᠡᠬᠦ ᠵᠠᠮ︾ ᠢ | ᠪᠠᠶᠢᠭᠤᠯᠵᠤ᠂ ᠢᠷᠡᠭᠡᠳᠦᠢ ᠶᠢᠨ 3 ᠵᠢᠯ ᠳᠤ ᠠᠹᠷᠢᠺᠠ ᠲᠢᠪ ᠠᠴᠠ ᠤᠷᠤᠭᠤᠯᠬᠤ ᠪᠦᠬᠦ ᠵᠤᠭᠤᠰ ᠤᠨ ᠲᠤᠭ᠎ᠠ ᠶᠢ 3000 | ᠳ᠋ᠦᠩᠰᠢᠭᠤᠷ ᠳ᠋ᠣᠯᠯᠠᠷ ᠲᠤ ᠬᠦᠷᠭᠡᠬᠦ ᠪᠠᠷ ᠴᠢᠷᠮᠠᠶᠢᠨ᠎ᠠ᠃ ᠳᠤᠮᠳᠠᠳᠤ ᠤᠯᠤᠰ 100 ᠳ᠋ᠦᠩᠰᠢᠭᠤᠷ ᠳ᠋ᠣᠯᠯᠠᠷ ᠤᠨ | ᠠᠷᠠᠯᠵᠢᠶᠠᠨ ᠤ ᠪᠡᠯᠡ ᠨᠡᠶᠢᠯᠡᠬᠦᠯᠦᠯᠲᠡ ᠶᠢᠨ ᠲᠤᠭ᠎ᠠ ᠬᠡᠮᠵᠢᠶ᠎ᠡ ᠬᠠᠩᠭᠠᠵᠤ᠂ ᠠᠹᠷᠢᠺᠠ ᠲᠢᠪ ᠤᠨ ᠭᠠᠳᠠᠭᠠᠳᠤ ᠭᠠᠷᠭᠠᠯᠲᠠ ᠶᠢ | ᠳᠡᠮᠵᠢᠵᠦ᠂ ᠳᠤᠮᠳᠠᠳᠤ ᠤᠯᠤᠰ ᠲᠤ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ ᠬᠠᠮᠲᠤᠷᠠᠯᠴᠠᠭᠠᠨ ᠤ | ᠬᠤᠰᠢᠭᠤᠴᠢ ᠣᠷᠣᠨ ᠪᠠ ︽ᠨᠢᠭᠡ ᠪᠦᠰᠡ ᠨᠢᠭᠡ ᠵᠠᠮ︾ ᠤᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠠᠵᠤ | ᠦᠢᠯᠡᠰ ᠤᠨ ᠬᠦᠷᠢᠶᠡᠯᠡᠩ ᠪᠠᠶᠢᠭᠤᠯᠬᠤ ᠳᠤ ᠬᠡᠷᠡᠭᠯᠡᠨ᠎ᠡ᠃ ᠠᠹᠷᠢᠺᠠ ᠲᠢᠪ ᠲᠤ 10 ᠰᠠᠭᠤᠷᠢ ᠲᠥᠬᠦᠭᠡᠷᠦᠮᠵᠢ ᠶᠢᠨ | ᠬᠤᠯᠪᠣᠯᠳᠤᠨ ᠨᠡᠪᠲᠡᠷᠡᠯᠴᠡᠬᠦ ᠲᠦᠷᠦᠯ ᠵᠦᠢᠯ ᠢ ᠲᠤᠰᠠᠯᠠᠨ ᠬᠡᠷᠡᠭᠵᠢᠭᠦᠯᠵᠦ᠂ ᠳᠤᠮᠳᠠᠳᠤ ᠠᠹᠷᠢᠺᠠ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠠᠹᠷᠢᠺᠠ ᠲᠢᠪ ᠤᠨ ᠡᠬᠡ ᠬᠠᠭᠤᠷᠠᠢ ᠶᠢᠨ | ᠴᠢᠯᠥᠭᠡᠲᠦ ᠠᠷᠠᠯᠵᠢᠶᠠᠨ ᠤ ᠣᠷᠣᠨ ᠤ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠨ᠎ᠡ᠃ | ᠳᠥᠷᠪᠡᠳᠦᠭᠡᠷ ᠨᠢ ᠪᠡᠯᠡ ᠣᠷᠣᠭᠤᠯᠤᠯᠲᠠ ᠶᠢᠨ ᠬᠥᠳᠡᠯᠭᠡᠭᠦᠷ ᠤᠨ ᠢᠨᠵᠧᠨᠧᠷᠢᠩ᠃ ᠳᠤᠮᠳᠠᠳᠤ ᠤᠯᠤᠰ | ᠢᠷᠡᠭᠡᠳᠦᠢ ᠶᠢᠨ 3 ᠵᠢᠯ ᠳᠤ ᠠᠵᠤ ᠠᠬᠤᠶᠢᠯᠠᠯ ᠤᠨ ᠠᠹᠷᠢᠺᠠ ᠲᠢᠪ ᠲᠠᠬᠢ ᠪᠡᠯᠡ ᠣᠷᠣᠭᠤᠯᠤᠯᠳᠠ ᠶᠢᠨ ᠶᠡᠷᠦᠩᠬᠡᠢ | ᠵᠤᠭᠤᠰ ᠤᠨ ᠲᠤᠭ᠎ᠠ ᠶᠢ 100 ᠳ᠋ᠦᠩᠰᠢᠭᠤᠷ ᠳ᠋ᠣᠯᠯᠠᠷ ᠠᠴᠠ ᠴᠦᠬᠡᠨ ᠪᠠᠶᠢᠯᠭᠠᠬᠤ ᠦᠭᠡᠢ ᠪᠠᠶᠢᠬᠤ ᠶᠢ ᠲᠦᠯᠬᠢᠨ | ᠠᠬᠢᠭᠤᠯᠵᠤ᠂ ︽ᠳᠤᠮᠳᠠᠳᠤ ᠠᠹᠷᠢᠺᠠ ᠶᠢᠨ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ ᠲᠠᠪᠴᠠᠩ︾ ᠢ ᠪᠠᠶᠢᠭᠤᠯᠵᠤ | ᠂ ᠠᠹᠷᠢᠺᠠ ᠲᠢᠪ ᠲᠤ ᠠᠵᠤ ᠦᠢᠯᠡᠳᠪᠦᠷᠢᠵᠢᠯᠲᠡ ᠪᠠ ᠠᠵᠢᠯ ᠣᠯᠭᠤᠯᠲᠠ ᠶᠢ ᠠᠬᠢᠭᠤᠯᠬᠤ 10 ᠲᠦᠷᠦᠯ ᠵᠦᠢᠯ ᠢ | ᠲᠤᠰᠠᠯᠠᠨ ᠬᠡᠷᠡᠭᠵᠢᠭᠦᠯᠵᠦ᠂ ᠠᠹᠷᠢᠺᠠ ᠲᠢᠪ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ 100 ᠳ᠋ᠦᠩᠰᠢᠭᠤᠷ | ᠳ᠋ᠣᠯᠯᠠᠷ ᠤᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠬᠠᠩᠭᠠᠵᠤ᠂ ᠳᠤᠮᠳᠠᠳᠤ ᠠᠹᠷᠢᠺᠠ ᠶᠢᠨ ᠬᠢᠯᠢ ᠠᠯᠤᠰᠯᠠᠭᠰᠠᠨ | ᠠᠷᠠᠳ ᠤᠨ ᠵᠣᠭᠤᠰ ᠤᠨ ᠲᠥᠪ ᠢ ᠪᠠᠶᠢᠭᠤᠯᠤᠨ᠎ᠠ᠃ ᠳᠤᠮᠳᠠᠳᠤ ᠤᠯᠤᠰ ᠠᠹᠷᠢᠺᠠ ᠲᠢᠪ ᠤᠨ ᠬᠠᠮᠤᠭ ᠤᠨ ᠬᠥᠭᠵᠢᠭᠡᠳᠦᠶ | ᠤᠯᠤᠰ ᠤᠨ 2021 ᠣᠨ ᠤ ᠡᠴᠦᠰ ᠪᠣᠯᠲᠠᠯ᠎ᠠ ᠬᠤᠭᠤᠴᠠᠭ᠎ᠠ ᠨᠢ ᠲᠤᠯᠤᠭᠠᠳ ᠪᠤᠴᠠᠭᠠᠭᠠᠳᠤᠶ ᠵᠠᠰᠠᠭ ᠤᠨ ᠣᠷᠳᠣᠨ ᠤ | ᠬᠤᠭᠤᠷᠣᠨᠳᠣᠬᠢ ᠬᠦᠦ ᠮᠥᠩᠭᠦ ᠥᠬᠡᠶ ᠵᠢᠭᠡᠯᠡᠯᠭᠡ ᠶᠢᠨ ᠥᠭᠴᠡᠭᠡ ᠶᠢ ᠬᠡᠯᠲᠦᠷᠢᠭᠦᠯᠵᠦ᠂ ᠳᠤᠷᠠᠲᠠᠶ᠎ᠠ ᠣᠯᠠᠨ ᠤᠯᠤᠰ ᠤᠨ | ᠵᠣᠭᠤᠰᠣᠨ ᠤ ᠰᠠᠭᠤᠷᠢ ᠮᠥᠩᠭᠦᠨ ᠤ ᠵᠣᠬᠢᠶᠠᠨ ᠪᠠᠶᠢᠭᠤᠯᠤᠯᠲᠠ ᠶᠢᠨ ᠨᠡᠮᠡᠵᠦ ᠲᠠᠷᠬᠠᠭᠠᠭᠰᠠᠨ ᠣᠨᠴᠠᠭᠠᠶ ᠵᠣᠭᠤᠰ ᠭᠠᠷᠭᠠᠨ | ᠠᠪᠬᠤ ᠡᠷᠬᠡ ᠶᠢᠨ ᠳᠣᠲᠣᠷ᠎ᠠ ᠠᠴᠠ 100 ᠳ᠋ᠦᠩᠰᠢᠭᠤᠷ ᠳ᠋ᠣᠯᠯᠠᠷ ᠢ ᠠᠹᠷᠢᠺᠠ ᠲᠢᠪ ᠤᠨ ᠤᠯᠤᠰ ᠤᠳ ᠲᠤ ᠰᠢᠯᠵᠢᠭᠦᠯᠦᠨ | ᠵᠢᠭᠡᠯᠡᠭᠦᠯᠵᠦ ᠥᠭᠭᠦᠨ᠎ᠡ᠃ | ᠲᠠᠪᠤᠳᠤᠭᠠᠷ ᠨᠢ ᠲᠣᠭᠠᠴᠢᠯᠠᠭᠰᠠᠨ ᠰᠢᠨ᠎ᠡ ᠶᠢ ᠡᠭᠦᠳᠬᠦ ᠢᠨᠵᠧᠨᠧᠷᠢᠩ᠃ ᠳᠤᠮᠳᠠᠳᠤ ᠤᠯᠤᠰ ᠠᠹᠷᠢᠺᠠ ᠲᠢᠪ ᠲᠤ | 10 ᠲᠣᠭᠠᠴᠢᠯᠠᠭᠰᠠᠨ ᠠᠵᠤ ᠠᠬᠤᠢ ᠶᠢᠨ ᠲᠦᠷᠦᠯ ᠵᠦᠢᠯ ᠢ ᠲᠤᠰᠠᠯᠠᠨ ᠬᠡᠷᠡᠭᠵᠢᠭᠦᠯᠵᠦ᠂ ᠳᠤᠮᠳᠠᠳᠤ ᠠᠹᠷᠢᠺᠠ ᠶᠢᠨ | ᠳᠠᠭᠠᠭᠤᠯᠢ ᠤᠳᠤᠨ ᠤ ᠠᠯᠤᠰ ᠰᠡᠷᠡᠯ ᠤᠨ ᠬᠡᠷᠡᠭᠯᠡᠭᠡᠨ ᠤ ᠬᠠᠮᠲᠤᠷᠠᠯᠴᠠᠭᠠᠨ ᠤ ᠲᠥᠪ ᠢ ᠪᠠᠶᠢᠭᠤᠯᠵᠤ᠂ ᠳᠤᠮᠳᠠᠳᠤ | ᠠᠹᠷᠢᠺᠠ ᠶᠢᠨ ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠬᠠᠨᠢᠲᠠᠨ ᠤ ᠰᠤᠳᠤᠯᠭᠠᠨ ᠤ ᠭᠠᠵᠠᠷ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠰᠠᠭᠤᠷᠢᠨ ᠢ ᠪᠠᠶᠢᠭᠤᠯᠬᠤ ᠶᠢ ᠳᠡᠮᠵᠢᠨ᠎ᠡ᠃ ᠳᠤᠮᠳᠠᠳᠤ | ᠤᠯᠤᠰ ᠠᠹᠷᠢᠺᠠ ᠲᠢᠪ ᠤᠨ ᠤᠯᠤᠰ ᠤᠳ ᠲᠠᠢ ᠭᠠᠷ ᠬᠤᠯᠪᠤᠯᠴᠠᠨ ︽ᠲᠣᠷᠭᠠᠨ ᠵᠠᠮ ᠤᠨ ᠡᠯᠧᠺᠳ᠋ᠷᠣᠨ ᠬᠤᠳᠠᠯᠳᠤᠭ᠎ᠠ︾ | ᠶᠢᠨ ᠬᠠᠮᠲᠤᠷᠠᠯᠴᠠᠭ᠎ᠠ ᠶᠢ ᠥᠷᠭᠡᠳᠭᠡᠵᠦ᠂ ᠠᠹᠷᠢᠺᠠ ᠲᠢᠪ ᠤᠨ ᠰᠠᠶᠢᠨ ᠪᠠᠷᠠᠭ᠎ᠠ ᠢ ᠰᠦᠯᠵᠢᠶ᠎ᠡ ᠠᠴᠠ ᠬᠤᠳᠠᠯᠳᠤᠨ ᠠᠪᠬᠤ | ᠨᠠᠶᠢᠷ ᠪᠠ ᠵᠢᠭᠤᠯᠴᠢᠯᠠᠯ ᠤᠨ ᠡᠯᠧᠺᠲᠷᠤᠨ ᠬᠤᠳᠠᠯᠳᠤᠭ᠎ᠠ ᠶᠢ ᠳᠡᠯᠭᠡᠷᠡᠭᠦᠯᠬᠦ ᠠᠵᠢᠯᠯᠠᠭ᠎ᠠ ᠶᠢ ᠡᠷᠬᠢᠯᠡᠵᠦ᠂ ᠠᠹᠷᠢᠺᠠ ᠲᠢᠪ ᠤᠨ | ︽ᠵᠠᠭᠤᠨ ᠳᠡᠯᠭᠡᠭᠦᠷ ᠮᠢᠩᠭᠠᠨ ᠦᠢᠯᠡᠳᠬᠦᠨ ᠳᠤ ᠲᠠᠪᠴᠠᠩ ᠬᠠᠩᠭᠠᠬᠤ︾ ᠠᠵᠢᠯᠯᠠᠭ᠎ᠠ ᠶᠢ ᠬᠡᠷᠡᠭᠵᠢᠭᠦᠯᠦᠨ᠎ᠡ᠃ | ᠵᠢᠷᠭᠤᠳᠤᠭᠠᠷ ᠨᠢ ᠪᠣᠬᠢᠷᠲᠤᠯ ᠥᠬᠡᠶ ᠬᠥᠭᠵᠢᠯᠲᠡ ᠶᠢᠨ ᠢᠨᠵᠧᠨᠧᠷᠢᠩ᠃ ᠳᠤᠮᠳᠠᠳᠤ ᠤᠯᠤᠰ ᠠᠹᠷᠢᠺᠠ ᠲᠢᠪ ᠲᠤ | ᠪᠣᠬᠢᠷᠲᠤᠯ ᠦᠭᠡᠢ ᠣᠷᠴᠢᠨ ᠠᠬᠤᠢ ᠶᠢ ᠬᠠᠮᠠᠭᠠᠯᠠᠬᠤ ᠪᠠ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ 10 | ᠲᠦᠷᠦᠯ ᠵᠦᠢᠯ ᠢ ᠲᠤᠰᠠᠯᠠᠨ ᠬᠡᠷᠡᠭᠵᠢᠭᠦᠯᠵᠦ᠂ ︽ᠠᠹᠷᠢᠺᠠ ᠲᠢᠪ ᠤᠨ ᠪᠣᠬᠢᠷᠲᠤᠯ ᠦᠭᠡᠢ ᠤᠷᠲᠤ ᠴᠠᠭᠠᠨ ᠬᠡᠷᠡᠮ︾ ᠤᠨ | ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠠᠹᠷᠢᠺᠠ ᠲᠢᠪ ᠲᠤ ᠳᠤᠤᠷ᠎ᠠ ᠨᠡᠭᠦᠷᠡᠰᠦᠲᠥ᠋ᠷᠥᠭᠴᠢᠳᠤ ᠵᠢᠱᠢᠶ᠎ᠡ ᠦᠵᠡᠭᠦᠯᠬᠦ | ᠣᠷᠣᠨ ᠪᠠ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ᠃ | | ᠳᠣᠯᠣᠳᠤᠭᠠᠷ ᠨᠢ ᠴᠢᠳᠠᠪᠤᠷᠢ ᠶᠢᠨ ᠪᠠᠶᠢᠭᠤᠯᠤᠯᠲᠠ ᠶᠢᠨ ᠢᠨᠵᠧᠨᠧᠷᠢᠩ᠃ ᠳᠤᠮᠳᠠᠳᠤ ᠤᠯᠤᠰ ᠠᠹᠷᠢᠺᠠ ᠲᠢᠪ ᠲᠤ | 10 ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠤᠶᠤ ᠲᠡᠰ ᠳᠡᠪᠰᠢᠭᠦᠯᠬᠦ ᠶᠢ ᠲᠤᠰᠠᠯᠠᠵᠤ᠂ ᠠᠹᠷᠢᠺᠠ ᠲᠢᠪ ᠤᠨ 1 ᠲᠦᠮᠡᠨ | ᠳᠡᠭᠡᠳᠦ ᠲᠡᠰ ᠤᠨ ᠴᠢᠳᠠᠪᠤᠷᠢᠲᠠᠨ ᠢ ᠤᠷᠢᠵᠤ ᠰᠤᠳᠤᠯᠤᠨ ᠶᠠᠷᠢᠯᠴᠠᠬᠤ ᠠᠵᠢᠯᠯᠠᠭ᠎ᠠ ᠳᠤ ᠣᠷᠣᠯᠴᠠᠭᠤᠯᠤᠨ᠎ᠠ᠃ ︽ | ᠢᠷᠡᠭᠡᠳᠦᠢ ᠶᠢᠨ ᠠᠹᠷᠢᠺᠠ ᠲᠢᠪ — ᠳᠤᠮᠳᠠᠳᠤ ᠠᠹᠷᠢᠺᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠠᠮᠲᠤᠷᠠᠯᠴᠠᠭᠠᠨ ᠤ ᠲᠥᠯᠥᠪᠯᠡᠭᠡ︾ ᠶᠢ ᠬᠡᠷᠡᠭᠵᠢᠭᠦᠯᠵᠦ᠂ ︽ᠠᠹᠷᠢᠺᠠ ᠲᠢᠪ ᠤᠨ ᠭᠠᠳᠠᠭᠠᠳᠤ ᠳᠤ ᠰᠤᠷᠤᠯᠴᠠᠬᠤ | ᠰᠤᠷᠤᠭᠴᠢᠳ ᠤᠨ ᠠᠵᠢᠯ ᠣᠯᠭᠤᠯᠲᠠ ᠶᠢᠨ ᠰᠢᠭᠤᠳ ᠨᠡᠪᠲᠡᠷᠡᠬᠦ ᠲᠡᠷᠭᠡ︾ ᠶᠢᠨ ᠠᠵᠢᠯᠯᠠᠭ᠎ᠠ ᠶᠢ ᠥᠷᠨᠢᠭᠦᠯᠦᠨ᠎ᠡ᠃ | ᠠᠹᠷᠢᠺᠠ ᠲᠢᠪ ᠤᠨ ᠤᠯᠤᠰ ᠤᠳ ᠲᠠᠢ ᠦᠷᠭᠦᠯᠵᠢᠯᠡᠨ ᠬᠠᠮᠲᠤᠷᠠᠵᠤ ︽ᠯᠦ ᠪᠠᠨ ᠦᠢᠯᠡᠳᠭᠡᠯ ᠤᠨ ᠭᠠᠵᠠᠷ︾ ᠪᠠᠶᠢᠭᠤᠯᠵᠤ᠂ | ᠠᠹᠷᠢᠺᠠ ᠲᠢᠪ ᠲᠠᠬᠢ ᠳᠤᠮᠳᠠᠳᠤ ᠤᠯᠤᠰ ᠤᠨ ᠠᠵᠤ ᠠᠬᠤᠶᠢᠯᠠᠯ ᠲᠤᠬᠠᠢ ᠶᠢᠨ ᠭᠠᠵᠠᠷ ᠲᠤ 80 ᠲᠦᠮᠡ ᠠᠴᠠ ᠳᠡᠭᠡᠭᠰᠢ | ᠠᠵᠢᠯ ᠤᠨ ᠪᠠᠶᠢᠷᠢ ᠬᠠᠩᠭᠠᠬᠤ ᠶᠢ ᠵᠣᠷᠢᠭᠵᠢᠭᠤᠯᠤᠨ᠎ᠠ᠃ | ᠨᠢ᠋ᠮᠠᠳᠤᠭᠠᠷ ᠨᠢ ᠰᠣᠶᠣᠯ ᠢᠷᠭᠡᠨᠰᠢᠯ ᠤᠨ ᠰᠣᠯᠢᠯᠴᠠᠭᠠᠨ ᠤ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ | ᠠᠹᠷᠢᠺᠠ ᠲᠢᠪ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠪᠤᠢ ᠪᠦᠬᠦᠢ ᠤᠯᠤᠰ ᠢ ᠳᠤᠮᠳᠠᠳᠤ ᠤᠯᠤᠰ ᠤᠨ ᠢᠷᠭᠡᠳ ᠤᠨ | ᠪᠦᠯᠬᠦᠮ ᠪᠠᠶᠢᠭᠤᠯᠵᠤ ᠬᠢᠯᠢ ᠠᠴᠠ ᠭᠠᠷᠴᠤ ᠵᠢᠭᠤᠯᠴᠢᠯᠠᠬᠤ ᠬᠠᠷᠠᠯᠲᠠᠲᠤ ᠤᠯᠤᠰ ᠪᠣᠯᠬᠤ ᠶᠢ ᠳᠡᠮᠵᠢᠨ᠎ᠠ᠃ ᠳᠤᠮᠳᠠᠳᠤ | ᠤᠯᠤᠰ ᠲᠤ ᠠᠹᠷᠢᠺᠠ ᠶᠢᠨ ᠺᠢᠨᠣ᠋ ᠶᠢᠨ ᠪᠠᠶᠠᠷ ᠢ ᠡᠷᠭᠢᠯᠡᠵᠦ᠂ ᠠᠹᠷᠢᠺᠠ ᠳᠤ ᠳᠤᠮᠳᠠᠳᠤ ᠤᠯᠤᠰ ᠤᠨ ᠺᠢᠨᠣ᠋ ᠶᠢᠨ ᠪᠠᠶᠠᠷ ᠢ | ᠡᠷᠭᠢᠯᠡᠨ᠎ᠡ᠃ ᠳᠤᠮᠳᠠᠳᠤ ᠠᠹᠷᠢᠺᠠ ᠶᠢᠨ ᠵᠠᠯᠠᠭᠤᠴᠤᠳ ᠤᠨ ᠦᠢᠯᠡᠴᠢᠯᠡᠭᠡᠨ ᠤ ᠶᠠᠷᠢᠶᠠᠨ ᠤ ᠲᠠᠪᠴᠠᠩ ᠪᠣᠯᠤᠨ ᠳᠤᠮᠳᠠᠳᠤ | ᠠᠹᠷᠢᠺᠠ ᠶᠢᠨ ᠡᠮᠡᠭᠲᠡᠶᠢᠴᠦᠳ ᠤᠨ ᠶᠠᠷᠢᠶᠠᠨ ᠤ ᠲᠠᠪᠴᠠᠩ ᠢ ᠡᠷᠬᠢᠯᠡᠨ᠎ᠡ᠃ | ᠶᠢᠰᠦᠳᠦᠭᠡᠷ ᠨᠢ ᠡᠩᠬᠡ ᠲᠠᠶᠢᠪᠤᠩ ᠠᠮᠤᠷ ᠲᠦᠪᠰᠢᠨ ᠤ ᠢᠨᠵᠧᠨᠧᠷᠢᠩ᠃ ᠳᠤᠮᠳᠠᠳᠤ ᠤᠯᠤᠰ ᠠᠹᠷᠢᠺᠠ ᠲᠢᠪ ᠢ | ᠲᠤᠰᠠᠯᠠᠨ ᠡᠩᠬᠡ ᠲᠠᠶᠢᠪᠤᠩ ᠠᠮᠤᠷ ᠲᠦᠪᠰᠢᠨ ᠤ ᠬᠦᠷᠢᠶᠡᠨ ᠳᠠᠬᠢ 10 ᠲᠦᠷᠦᠯ ᠵᠦᠢᠯ ᠢ ᠬᠡᠷᠡᠭᠵᠢᠭᠦᠯᠵᠦ᠂ ᠠᠹᠷᠢᠺᠠ | ᠲᠢᠪ ᠤᠨ ᠤᠯᠤᠰ ᠤᠳ ᠤᠨ ᠬᠤᠯᠪᠣᠭ᠎ᠠ ᠳᠤ ᠴᠡᠷᠢᠭ ᠤᠨ ᠶᠠᠪᠤᠳᠠᠯ ᠤᠨ ᠲᠤᠰᠠᠯᠠᠮᠵᠢ ᠦᠵᠡᠭᠦᠯᠬᠦ ᠶᠢ ᠦᠷᠭᠦᠯᠵᠢᠯᠡᠨ | ᠨᠠᠶᠢᠳᠠᠪᠤᠷᠢᠵᠢᠭᠤᠯᠵᠤ᠂ ᠠᠹᠷᠢᠺᠠ ᠲᠢᠪ ᠤᠨ ᠤᠯᠤᠰ ᠤᠳ ᠤᠨ ᠭᠠᠵᠠᠷ ᠣᠷᠣᠨ ᠤ ᠠᠮᠤᠷ ᠲᠦᠪᠰᠢᠨ ᠢ ᠪᠡᠶ᠎ᠡ ᠪᠠᠨ | ᠳᠠᠭᠠᠭᠠᠵᠤ ᠬᠠᠮᠠᠭᠠᠯᠠᠬᠤ ᠪᠠ ᠰᠦᠷᠳᠡᠭᠦᠯᠦᠯ ᠢ ᠡᠰᠡᠷᠭᠦᠴᠡᠬᠦ ᠴᠢᠷᠮᠠᠶᠢᠯᠭ᠎ᠠ ᠶᠢ ᠳᠡᠮᠵᠢᠵᠦ᠂ ᠳᠤᠮᠳᠠᠳᠤ ᠠᠹᠷᠢᠺᠠ ᠶᠢᠨ ᠡᠩᠬᠡ | ᠲᠠᠶᠢᠪᠤᠩ ᠢ ᠬᠠᠮᠠᠭᠠᠯᠠᠬᠤ ᠴᠡᠷᠢᠭ ᠠᠩᠬᠢ ᠶᠢᠨ ᠬᠠᠮᠲᠤᠷᠠᠭᠰᠠᠨ ᠪᠣᠯᠪᠠᠰᠤᠷᠠᠯ᠂ ᠲᠤᠬᠠᠢ ᠶᠢᠨ ᠲᠠᠯᠠᠪᠠᠢ ᠶᠢᠨ ᠪᠣᠯᠪᠠᠰᠤᠷᠠᠯ᠂ | ᠬᠦᠩᠭᠡᠨ ᠵᠡᠷ ᠵᠡᠪᠰᠡᠭ ᠢ ᠬᠠᠮᠢᠶᠠᠷᠤᠨ ᠡᠵᠡᠮᠳᠡᠬᠦ ᠬᠠᠮᠲᠤᠷᠠᠯᠴᠠᠭ᠎ᠠ ᠥᠷᠨᠢᠭᠦᠯᠦᠨ᠎ᠡ᠃ | ᠰᠢ ᠶᠢᠨ ᠫᠢᠩ ᠬᠠᠮᠤᠭ ᠡᠴᠦᠰ ᠲᠤ᠂ ᠳᠤᠮᠳᠠᠳᠤ ᠠᠹᠷᠢᠺᠠ ᠶᠢᠨ ᠬᠤᠶᠠᠷ ᠲᠠᠯ᠎ᠠ ᠶᠢᠨ ᠬᠠᠮᠲᠤ ᠶᠢᠨ | ᠴᠢᠷᠮᠠᠶᠢᠯᠭ᠎ᠠ ᠪᠠᠷ᠂ ᠡᠨᠡ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠬᠤᠷᠠᠯ | ᠯᠠᠪᠲᠠᠢ ᠲᠡᠭᠦᠰ ᠠᠮᠵᠢᠯᠲᠠ ᠣᠯᠵᠤ᠂ ᠳᠤᠮᠳᠠᠳᠤ ᠠᠹᠷᠢᠺᠠ ᠶᠢᠨ 27 ᠳ᠋ᠦᠩᠰᠢᠭᠤᠷ ᠠᠷᠠᠳ ᠲᠦᠮᠡᠨ ᠤ ᠰᠦᠷ ᠳᠠᠯᠠᠶᠢᠴᠠᠲᠠᠢ | ᠬᠦᠴᠦᠨ ᠢ ᠨᠢᠭᠲᠠᠷᠠᠭᠤᠯᠵᠤ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠳᠡᠭ ᠢ ᠪᠢ ᠢᠲᠡᠭᠡᠵᠦ ᠪᠠᠶᠢᠨ᠎ᠠ ᠭᠡᠵᠦ ᠴᠢᠬᠤᠯᠠᠴᠢᠯᠠᠪᠠ᠃ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠲᠢᠪ ᠤᠨ ᠲᠠᠯ᠎ᠠ ᠶᠢᠨ | ᠬᠠᠮᠲᠤ ᠶᠢᠨ ᠲᠡᠷᠢᠭᠦᠯᠡᠭᠴᠢ ᠤᠯᠤᠰ ᠰᠧᠨᠧᠭᠠᠯ ᠤᠨ ᠶᠡᠷᠦᠩᠬᠡᠶᠢᠯᠡᠭᠴᠢ ᠰᠠᠯᠧ ᠲᠤᠬᠠᠢ ᠶᠢᠨ ᠲᠠᠯᠠᠪᠠᠢ ᠳᠤ ᠡᠬᠢᠯᠡᠯᠲᠡ ᠶᠢᠨ | ᠶᠣᠰᠣᠯᠠᠯ ᠳᠤ ᠣᠷᠣᠯᠴᠠᠭᠰᠠᠨ ᠪᠥᠭᠡᠳ ᠶᠤᠰᠤᠯᠠᠯ ᠢ ᠡᠷᠬᠢᠯᠡᠪᠡ᠃ ᠺᠤᠩᠭᠣ᠋ ᠶᠢᠨ ᠠᠷᠠᠳᠴᠢᠯᠠᠭᠰᠠᠨ ᠪᠦᠬᠦᠳᠡ ᠨᠠᠶᠢᠷᠠᠮᠳᠠᠬᠤ | ᠤᠯᠤᠰ ᠤᠨ ᠶᠡᠷᠦᠩᠬᠡᠶᠢᠯᠡᠭᠴᠢ ᠴᠢᠰᠠᠶᠢᠺᠧᠳᠢ᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ ᠺᠤᠮᠤᠷ ᠤᠨ ᠶᠡᠷᠦᠩᠬᠡᠶᠢᠯᠡᠭᠴᠢ | ᠠᠵᠠᠯᠢ᠂ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ᠂ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ | ᠵᠥᠪᠯᠡᠯ ᠤᠨ ᠲᠡᠷᠢᠭᠦᠯᠡᠭᠴᠢ ᠹᠠᠵᠢ ᠪᠣᠯᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ | ᠳᠠᠷᠤᠭ᠎ᠠ ᠬᠦᠲ᠋ᠧᠯᠦ᠋ᠢᠰ ᠸᠢᠳᠢᠣ᠋ ᠬᠡᠯᠪᠡᠷᠢ ᠪᠠᠷ ᠬᠤᠷᠠᠯ ᠳᠤ ᠣᠷᠣᠯᠴᠠᠪᠠ᠃ ᠠᠹᠷᠢᠺᠠ ᠲᠢᠪ ᠤᠨ 53 ᠤᠯᠤᠰ ᠤᠨ ᠭᠠᠳᠠᠭᠠᠳᠤ | ᠶᠠᠪᠤᠳᠠᠯ ᠤᠨ ᠶᠠᠮᠤᠨ ᠤ ᠰᠠᠶᠢᠳ ᠪᠦᠭᠡᠳ ᠭᠠᠳᠠᠭᠠᠳᠤ ᠠᠵᠤ ᠠᠬᠤᠢ ᠶᠢᠨ ᠬᠠᠮᠲᠤᠷᠠᠯᠴᠠᠭᠠᠨ ᠤ ᠬᠡᠷᠡᠭ ᠶᠠᠪᠤᠳᠠᠯ ᠢ | ᠬᠠᠷᠢᠭᠤᠴᠠᠬᠤ ᠶᠠᠮᠤᠨ ᠤ ᠰᠠᠶᠢᠳ ᠪᠤᠶᠤ ᠲᠥᠯᠥᠭᠡᠯᠡᠭᠴᠢ ᠵᠢᠴᠢ ᠬᠡᠰᠡᠭ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ | ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠲᠤᠬᠠᠢ ᠶᠢᠨ ᠲᠠᠯᠠᠪᠠᠢ ᠳᠤ ᠬᠤᠷᠠᠯ ᠳᠤ ᠣᠷᠣᠯᠴᠠᠵᠠᠢ᠃ | ᠬᠤᠷᠠᠯ ᠳᠤ ᠣᠷᠣᠯᠴᠠᠭᠰᠠᠨ ᠠᠹᠷᠢᠺᠠ ᠶᠢᠨ ᠲᠠᠯ᠎ᠠ ᠶᠢᠨ ᠤᠳᠤᠷᠢᠳᠬᠤ ᠬᠥᠮᠦᠰ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠠᠴᠠ ᠨᠠᠭᠠᠰᠢᠬᠢ ᠳᠤᠮᠳᠠᠳᠤ | ᠠᠹᠷᠢᠺᠠ ᠶᠢᠨ ᠬᠤᠯᠪᠣᠭᠳᠠᠯ ᠪᠦᠬᠦᠢ ᠬᠦᠷᠢᠶᠡᠨ ᠤ ᠬᠠᠮᠲᠤᠷᠠᠯᠴᠠᠭᠠᠨ ᠤ ᠣᠯᠤᠭᠰᠠᠨ ᠦᠷ᠎ᠡ ᠪᠦᠲᠦᠭᠡᠯ ᠢ ᠭᠦᠢᠴᠡᠳ | ᠨᠤᠲᠠᠯᠠᠵᠤ᠂ ᠳᠤᠮᠳᠠᠳᠤ ᠤᠯᠤᠰ ᠤᠨ ᠠᠹᠷᠢᠺᠠ ᠲᠢᠪ ᠤᠨ ᠤᠯᠤᠰ ᠤᠳ ᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ | ᠬᠢᠵᠢᠭ ᠲᠠᠢ ᠲᠡᠮᠡᠴᠡᠬᠦ ᠳᠤ ᠸᠠᠺᠼᠢᠨ ᠬᠠᠩᠭᠠᠭᠰᠠᠠ ᠵᠡᠷᠭᠡ ᠡᠷᠬᠢᠮ ᠨᠠᠨᠳᠢᠨ ᠬᠠᠪᠰᠤᠷᠤᠯᠭ᠎ᠠ ᠶᠢ ᠳᠡᠭᠡᠳᠦ ᠬᠡᠮᠵᠢᠶ᠎ᠡ ᠪᠠᠷ | ᠮᠠᠭᠲᠠᠨ ᠰᠠᠶᠢᠰᠢᠶᠠᠪᠠ᠃ ᠲᠡᠳᠡ᠂ ᠠᠹᠷᠢᠺᠠ ᠳᠤᠮᠳᠠᠳᠤ ᠭᠠᠳᠠᠭᠠᠳᠤ ᠬᠠᠷᠢᠯᠴᠠᠭ᠎ᠠ ᠪᠠᠨ ᠡᠬᠢᠯᠡᠭᠦᠯᠦᠭᠰᠡᠨ 65 ᠵᠢᠯ ᠤᠨ | ᠲᠤᠷᠰᠢ᠂ ᠬᠤᠶᠠᠷ ᠲᠠᠯ᠎ᠠ ᠪᠠᠷ ᠢᠶᠠᠨ ᠢᠮᠠᠭᠲᠠ ᠦᠨᠡᠨᠴᠢ ᠨᠥᠬᠦᠷᠰᠡᠭ ᠪᠠᠶᠢᠵᠤ᠂ ᠪᠦᠯᠬᠦᠮᠳᠡᠨ ᠬᠠᠪᠰᠤᠷᠤᠯᠴᠠᠵᠤ᠂ ᠬᠠᠷᠢᠯᠴᠠᠨ | ᠢᠲᠡᠭᠡᠯᠴᠡᠵᠦ᠂ ᠬᠠᠷᠢᠯᠴᠠᠨ ᠬᠦᠨᠳᠦᠳᠭᠡᠵᠦ᠂ ᠠᠹᠷᠢᠺᠠ ᠳᠤᠮᠳᠠᠳᠤ ᠶᠢᠨ ᠤᠯᠠᠮᠵᠢᠯᠠᠯᠲᠤ ᠨᠥᠬᠦᠷᠯᠡᠯ ᠡᠯ᠎ᠡ ᠵᠦᠢᠯ ᠤᠨ | ᠰᠢᠯᠭᠠᠯᠲᠠ ᠶᠢ ᠳᠠᠭᠠᠭᠠᠵᠤ᠂ ᠠᠹᠷᠢᠺᠠ ᠳᠤᠮᠳᠠᠳᠤ ᠶᠢᠨ ᠬᠠᠮᠲᠤᠷᠠᠯᠴᠠᠭ᠎ᠠ ᠶᠡᠷᠦ ᠪᠤᠰᠤ ᠶᠢᠨ ᠲᠡᠦᠬᠡᠲᠦ ᠴᠢᠨᠠᠷᠲᠠᠢ ᠠᠮᠵᠢᠯᠲᠠ | ᠣᠯᠵᠠᠢ᠂ ᠠᠹᠷᠢᠺᠠ ᠲᠢᠪ ᠤᠨ ᠬᠢᠨ ᠡᠭᠦᠨ ᠳᠤ ᠣᠮᠣᠭᠰᠢᠵᠤ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠠᠹᠷᠢᠺᠠ | ᠳᠤᠮᠳᠠᠳᠤ ᠶᠢᠨ ᠬᠠᠷᠢᠯᠴᠠᠭᠠᠨ ᠤ ᠬᠥᠭᠵᠢᠯᠲᠡ ᠶᠢ ᠠᠬᠢᠭᠤᠯᠬᠤ 4 ᠵᠣᠷᠢᠯᠲᠠ ᠪᠣᠯᠤᠨ ᠠᠹᠷᠢᠺᠠ ᠳᠤᠮᠳᠠᠳᠤ ᠶᠢᠨ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠬᠤ ︽ᠶᠢᠰᠦᠨ ᠢᠨᠵᠧᠨᠧᠷᠢᠩ︾ ᠢ ᠳᠤᠷᠠᠳᠤᠭᠰᠠᠨ ᠨᠢ ᠳᠤᠮᠳᠠᠳᠤ ᠶᠢᠨ | ᠲᠠᠯ᠎ᠠ ᠶᠢᠨ ᠠᠹᠷᠢᠺᠠ ᠲᠢᠪ ᠤᠨ ᠬᠢᠵᠢᠭ ᠲᠠᠢ ᠲᠡᠮᠡᠴᠡᠬᠦ ᠪᠠ ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ | ᠴᠢᠩ ᠦᠨᠡᠨᠴᠢ ᠬᠦᠰᠡᠯ ᠡᠷᠡᠮᠡᠯᠵᠡᠯ ᠪᠣᠯᠤᠨ ᠡᠷᠡᠰ ᠪᠠᠲᠤ ᠳᠡᠮᠵᠢᠯᠭᠡ ᠶᠢ ᠳᠠᠬᠢᠨᠲᠠ ᠬᠠᠷᠠᠭᠤᠯᠵᠠᠢ᠃ ᠠᠹᠷᠢᠺᠠ ᠶᠢᠨ | ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠦᠯᠬᠦᠮᠳᠡᠯ ᠨᠥᠬᠦᠷᠯᠡᠯ ᠢᠶᠠᠨ ᠪᠠᠬᠢᠵᠢᠭᠦᠯᠵᠦ᠂ ᠬᠠᠷᠢᠯᠴᠠᠨ | ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠢᠳᠡᠪᠬᠢᠲᠡᠢ ᠬᠠᠮᠲᠤ ᠪᠠᠷ | ᠪᠦᠳᠦᠭᠡᠨ ᠪᠠᠶᠢᠭᠤᠯᠵᠤ᠂ ᠠᠹᠷᠢᠺᠠ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠴᠠᠭ ᠦᠶ᠎ᠡ ᠶᠢ ᠨᠡᠭᠡᠭᠡᠵᠦ᠂ ᠰᠢᠨ᠎ᠡ ᠴᠠᠭ | ᠦᠶ᠎ᠡ ᠶᠢᠨ ᠠᠹᠷᠢᠺᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠢᠯᠡᠳᠭᠡᠪᠡ᠃ | ᠠᠹᠷᠢᠺᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ | ᠶᠣᠰᠣᠨ ᠤ ᠪᠠᠶᠢᠷᠢ ᠰᠠᠭᠤᠷᠢ ᠪᠠᠨ ᠰᠡᠷᠭᠦᠭᠡᠭᠰᠡᠨ 50 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ᠂ ᠦᠷᠭᠦᠯᠵᠢᠯᠡᠨ ᠨᠢᠭᠡ | ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ ᠨᠢᠭᠡᠳᠦᠯ ᠤᠨ ᠶᠡᠭᠡ | ᠦᠢᠯᠡᠰ ᠢ ᠳᠡᠮᠵᠢᠨ᠎ᠠ᠃ ᠠᠹᠷᠢᠺᠠ ᠶᠢᠨ ᠲᠠᠯ᠎ᠠ ᠶᠢᠨ ᠬᠢᠨ ᠳᠤᠮᠳᠠᠳᠤ ᠶᠢᠨ ᠲᠠᠯ᠎ᠠ ᠶᠢᠨ ᠳᠤᠷᠠᠳᠤᠭᠰᠠᠨ ᠪᠦᠬᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠶᠢ ᠳᠡᠮᠵᠢᠵᠦ᠂ ᠳᠤᠮᠳᠠᠳᠤ ᠶᠢᠨ ᠲᠠᠯ᠎ᠠ ᠶᠢᠨ ᠪᠡᠭᠡᠵᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ ᠢ ᠠᠮᠵᠢᠯᠲᠠ ᠲᠠᠢ ᠡᠷᠬᠢᠯᠡᠬᠦ ᠶᠢ ᠳᠡᠮᠵᠢᠨ᠎ᠠ᠃ ᠠᠹᠷᠢᠺᠠ ᠶᠢᠨ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠭᠠᠷ ᠬᠤᠯᠪᠣᠯᠴᠠᠨ ᠤᠯᠠᠨ ᠲᠠᠯᠠᠲᠤ ᠦᠵᠡᠯ ᠢ ᠬᠠᠮᠠᠭᠠᠯᠠᠵᠤ᠂ ᠤᠯᠠᠨ ᠤᠯᠤᠰ ᠤᠨ ᠵᠣᠬᠢᠴᠠᠭᠤᠯᠭ᠎ᠠ | ᠬᠠᠮᠵᠢᠯᠴᠠᠭ᠎ᠠ ᠶᠢ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠭᠡᠪᠡ | ᠃ ᠠᠹᠷᠢᠺᠠ ᠳᠤᠮᠳᠠᠳᠤ ᠶᠢᠨ ᠨᠥᠬᠦᠷᠯᠡᠯ ᠮᠠᠨᠳᠤᠲᠤᠭᠠᠢ︕ ᠠᠹᠷᠢᠺᠠ ᠳᠤᠮᠳᠠᠳᠤ ᠶᠢᠨ ᠬᠠᠮᠲᠤᠷᠠᠯᠴᠠᠭ᠎ᠠ ᠮᠠᠨᠳᠤᠲᠤᠭᠠᠢ︕ | ᠭᠡᠵᠦ ᠢᠯᠡᠳᠭᠡᠵᠡᠭᠡᠪᠡ᠃ | ᠳ᠋ᠢᠩ ᠰᠢᠤᠸᠠᠢ ᠰᠢᠶᠠᠩ᠂ ᠶᠠᠩ ᠵᠢᠶᠧ ᡂᠢ᠂ ᠾᠧ ᠯᠢ ᠹᠧᠩ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | ᠸᠠᠩ ᠢ ᠰᠧᠨᠧᠭᠠᠯ ᠤᠨ ᠨᠡᠶᠢᠰᠯᠡᠯ ᠳ᠋ᠠᠺᠠᠷ ᠲᠤ ᠬᠤᠷᠠᠯ ᠳᠤ ᠣᠷᠣᠯᠴᠠᠵᠠᠢ᠃ |