| | ᠨᠢᠭᠡ᠂ ︽ᠠᠷᠭ᠎ᠠ︾ ᠶᠢ ᠨᠡᠶᠢᠲᠡᠯᠡᠭᠰᠡᠨ ᠠᠬᠤᠶ ᠪᠠᠶᠢᠳᠠᠯ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠶ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ | ᠲᠥᠷᠭᠡᠳᠬᠡᠵᠦ᠂ ᠪᠣᠬᠢᠷᠲᠤᠯ ᠦᠭᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ | ᠬᠥᠭᠵᠢᠭᠦᠯᠬᠦ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠪᠠ ᠬᠠᠮᠢᠶᠠᠷᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠥᠰᠦᠪ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ᠶᠢ | ᠬᠡᠷᠡᠭᠵᠢᠭᠦᠯᠬᠦ ᠲᠦᠷᠢᠮ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠷᠣᠭᠰᠢ ᠲᠤᠰᠬᠠᠶ | ᠵᠦᠢᠯ ᠢᠶᠠᠷ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇ | 2016﹈ 134 ᠳ᠋ᠦᠭᠡᠷ ᠲᠣᠭᠠᠲᠤ︶ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ | ᠬᠥᠭᠵᠢᠭᠦᠯᠬᠦ ᠲᠥᠷᠥᠯ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠪᠠ᠃ | ᠬᠤᠶᠠᠷ᠂ ︽ᠠᠷᠭ᠎ᠠ︾ ᠶᠢᠨ ᠭᠤᠣᠯ ᠠᠭᠤᠯᠭ᠎ᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠬᠥᠭᠵᠢᠭᠦᠯᠬᠦ ᠲᠥᠷᠥᠯ ᠵᠦᠢᠯ ᠤᠨ ᠪᠠᠯᠠ ᠮᠥᠩᠭᠦ ᠶᠢᠨ | ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ 6 ᠪᠦᠯᠦᠭ 17 ᠵᠦᠢᠯ ᠪᠠᠶᠢᠵᠤ᠂ ᠭᠤᠤᠯ ᠠᠭᠤᠯᠭ᠎ᠠ ᠳᠤ᠄ ᠪᠠᠯᠠ | ᠮᠥᠩᠭᠦ ᠶᠢᠨ ᠬᠡᠷᠡᠭᠯᠡᠭᠡᠨ ᠤ ᠬᠡᠪᠴᠢᠶ᠎ᠡ᠂ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ | ᠬᠤᠪᠢᠶᠠᠷᠢᠯᠠᠬᠤ᠂ ᠪᠠᠭᠤᠯᠭᠠᠬᠤ᠂ ᠪᠠᠯᠠ ᠮᠥᠩᠭᠦ ᠶᠢ ᠬᠡᠷᠡᠭᠯᠡᠬᠦ᠂ ᠬᠠᠮᠢᠶᠠᠷᠬᠤ᠂ ᠬᠢᠨᠠᠯᠲᠠ ᠲᠠᠯᠪᠢᠵᠤ ᠬᠠᠮᠢᠶᠠᠷᠬᠤ ᠪᠠ | ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠪᠠᠭᠲᠠᠨ᠎ᠠ᠃ | ᠲᠣᠰ ᠠᠷᠭ᠎ᠠ ᠳᠤ ᠬᠡᠯᠡᠵᠦ ᠪᠠᠶᠢᠭ᠎ᠠ ︽ᠨᠢᠭᠡ ᠶᠢ ᠬᠢᠵᠠᠭᠠᠷᠯᠠᠬᠤ᠂ ᠬᠤᠶᠠᠷ ᠢ ᠪᠠᠭᠠᠰᠬᠠᠬᠤ᠂ ᠭᠤᠷᠪᠠ ᠶᠢ | ᠦᠨᠳᠦᠰᠦᠨ ᠠᠴᠠ ᠨᠢ ᠰᠢᠢᠳᠪᠦᠷᠢᠯᠡᠬᠦ︾ ᠭᠡᠳᠡᠭ ᠨᠢ ᠪᠣᠳᠠᠲᠠᠶ ᠪᠠᠷ᠄ ︽ᠨᠢᠭᠡ ᠶᠢ ᠬᠢᠵᠠᠭᠠᠷᠯᠠᠬᠤ︾ ᠭᠡᠳᠡᠭ ᠨᠢ | ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠪᠠ ᠲᠠᠷᠢᠶᠠᠯᠠᠩ ᠤᠨ ᠤᠰᠤᠨ ᠤ ᠣᠷᠴᠢᠨ ᠲᠣᠭᠤᠷᠢᠨ ᠤ | ᠪᠣᠬᠢᠷᠲᠤᠯ ᠢ ᠬᠢᠵᠠᠭᠠᠷᠯᠠᠬᠤ ᠶᠢ ᠵᠢᠭᠠᠵᠤ ᠪᠣᠶ᠂ ︽ᠬᠤᠶᠠᠷ ᠢ ᠪᠠᠭᠠᠰᠬᠠᠬᠤ︾ ᠭᠡᠳᠡᠭ ᠨᠢ ᠬᠢᠮᠢ ᠶᠢᠨ ᠪᠣᠷᠲᠣᠭᠤᠷ᠂ | ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠬᠡᠷᠡᠭᠯᠡᠬᠦ ᠶᠢ ᠵᠢᠭᠠᠵᠤ ᠪᠣᠶ᠂ ︽ᠭᠤᠷᠪᠠ ᠶᠢ ᠦᠨᠳᠦᠰᠦᠨ ᠠᠴᠠ ᠨᠢ | ᠰᠢᠢᠳᠪᠦᠷᠢᠯᠡᠬᠦ︾ ᠭᠡᠳᠡᠭ ᠨᠢ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ᠂ ᠲᠠᠷᠢᠶᠠᠯᠠᠩ ᠤᠨ ᠵᠤᠯᠤᠮ᠎ᠠ | ᠪᠦᠷᠬᠦᠪᠴᠢ᠂ ᠲᠠᠷᠢᠮᠠᠯ ᠤᠨ ᠡᠰᠢ ᠰᠦᠷᠡᠯ ᠢ ᠦᠨᠳᠦᠰᠦᠨ ᠠᠴᠠ ᠪᠠᠨ ᠡᠬᠢ ᠪᠠᠶᠠᠯᠢᠭᠵᠢᠭᠤᠯᠬᠤ᠂ ᠶᠡᠷᠦᠩᠬᠡᠶᠢᠯᠡᠨ | ᠡᠷᠭᠢᠯᠳᠦᠭᠦᠯᠦᠨ ᠳᠠᠬᠢᠨ ᠠᠰᠢᠭᠯᠠᠬᠤ ᠪᠠ ᠬᠤᠤᠷ ᠦᠭᠡᠶᠢᠵᠢᠭᠦᠯᠦᠨ ᠰᠢᠢᠳᠪᠦᠷᠢᠯᠡᠬᠦ ᠶᠢ ᠪᠡᠶᠡᠯᠡᠭᠦᠯᠬᠦ ᠶᠢ ᠵᠢᠭᠠᠵᠤ ᠪᠣᠶ | ᠃ | ᠲᠣᠰ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ 30 | ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ |