2021 ᠣᠨ ᠤ ᠬᠤᠩᠱᠠᠨ ᠲᠣᠭᠤᠷᠢᠭ ᠤᠨ ᠲᠠᠷᠢᠶᠠᠯᠠᠩ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ ᠶᠢᠨ ᠲᠦᠷᠦᠯ ᠵᠦᠢᠯ ᠢ ᠭᠤᠤᠯ ᠴᠣᠭᠴᠠ ᠶᠢᠨ ᠪᠡᠯᠡ ᠮᠦᠩᠭᠦ ᠶᠢ ᠬᠤᠪᠢᠶᠠᠷᠢᠯᠠᠬᠤ ᠲᠥᠰᠦᠯ ᠳᠤ ᠣᠷᠤᠭᠤᠯᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2021/11/4
       ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠯᠠᠭᠠᠨᠬᠠᠳᠠ ᠬᠤᠲᠠ  ᠶᠢᠨ ᠡᠳ᠋ ᠤᠨ ᠵᠠᠰᠠᠭ ᠤᠨ ᠲᠤᠪᠴᠢᠶ᠎ᠠ ᠬᠤᠯᠪᠤᠭᠠᠯᠠᠨ ᠲᠠᠷᠬᠠᠭᠠᠭᠰᠠᠨ ︽2021 ᠣᠨ ᠤ ᠬᠡᠰᠡᠭ ᠲᠦᠪ ᠤᠨ ᠡᠳ᠋  ᠤᠨ ᠵᠠᠰᠠᠭ ᠤᠨ ᠲᠤᠰᠬᠠᠢ ᠲᠦᠷᠦᠯ ᠤᠨ ᠰᠢᠯᠵᠢᠭᠦᠯᠦᠨ ᠲᠦᠯᠦᠪᠦᠷᠢᠯᠡᠬᠦ ᠲᠦᠷᠦᠯ ᠵᠦᠢᠯ ᠢ ᠬᠡᠷᠡᠭᠵᠢᠭᠦᠯᠬᠦ ᠲᠥᠰᠦᠯ  ᠤᠨ ᠲᠤᠬᠠᠢ ᠮᠡᠳᠡᠭᠳᠡᠯ︾ ︵ᠤᠯᠠᠭᠠᠨᠬᠠᠳᠠ ᠲᠠᠷᠢᠶᠠᠯᠠᠩ ᠮᠠᠯ ᠨᠢᠭᠲᠠᠯᠠᠨ ᠡᠳ᠋ ᠲᠠᠷᠬᠠᠭᠠᠭᠰᠠᠨ ﹇2021﹈ 9 ᠳ᠋ᠤᠭᠡᠷ ᠲᠤᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠤᠪᠴᠢᠶ᠎ᠠ᠂ ᠬᠤᠩᠱᠠᠨ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠬᠤᠯᠪᠤᠭᠠᠯᠠᠨ ᠲᠠᠷᠬᠠᠭᠠᠭᠰᠠᠨ ︽2021 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ ᠶᠢᠨ ᠲᠦᠷᠦᠯ ᠵᠦᠢᠯ ᠢ ᠬᠡᠷᠡᠭᠵᠢᠭᠦᠯᠬᠦ ᠲᠥᠰᠦᠯ︾ ᠤᠨ ᠪᠢᠴᠢᠭ ᠮᠠᠲ᠋ᠧᠷᠢᠶᠠᠯ ᠤᠨ ᠠᠵᠢᠯ ᠤᠨ ᠠᠯᠬᠤᠮ ᠲᠠᠷᠠᠭᠠᠯᠠᠯ ᠶᠤᠰᠤᠭᠠᠷ ᠬᠤᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠤᠪᠴᠢᠶᠠᠨ ᠤ ᠨᠠᠮ ᠤᠨ ᠲᠤᠭᠤᠶᠢᠯᠠᠩ ᠤᠨ ᠬᠤᠷᠠᠯ ᠢᠶᠠᠷ ᠪᠠᠲᠤᠯᠠᠵᠤ᠂ ᠡᠳᠦᠭᠡ 2021ᠣᠨ ᠤ ᠬᠤᠩᠱᠠᠨ ᠲᠣᠭᠤᠷᠢᠭ ᠤᠨ ᠲᠠᠷᠢᠶᠠᠯᠠᠩ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠷᠦᠯ ᠵᠦᠢᠯ ᠢ ᠭᠤᠤᠯ ᠴᠤᠭᠴᠠ ᠶᠢᠨ ᠪᠡᠯᠡ ᠮᠦᠩᠭᠦ ᠶᠢ ᠬᠤᠪᠢᠶᠠᠷᠢᠯᠠᠬᠤ ᠲᠥᠰᠦᠯ ᠳᠤ ᠤᠷᠤᠭᠤᠯᠬᠤ ᠲᠤᠬᠠᠢ ᠲᠦᠰᠦᠯ ᠢ ᠨᠡᠶᠢᠲᠡᠯᠡᠶ᠎ᠡ᠄        ᠬᠤᠩᠱᠠᠨ ᠲᠣᠭᠤᠷᠢᠭ ᠤᠨ ᠸᠧᠨ ᠵᠦᠩ ᠪᠠᠯᠭᠠᠰᠤᠨ ᠤ ᠰᠢ ᠱᠦᠢ ᠴᠤᠸᠠᠨ ᠲᠤᠰᠬᠤᠨ ᠤ ᠬᠤᠪᠢ ᠨᠡᠶᠢᠯᠡᠭᠦᠯᠦᠭᠰᠡᠨ ᠠᠵᠤ ᠠᠬᠤᠢ ᠶᠢᠨ ᠬᠤᠷᠰᠢᠶᠡᠵᠢᠯ ᠤᠨ ᠡᠷᠡᠮᠡᠯᠵᠡᠨ ᠮᠡᠳᠡᠭᠦᠯᠦᠭᠰᠡᠨ ᠲᠦᠷᠦᠯ ᠵᠦᠢᠯ ᠤᠨ ᠠᠭᠤᠯᠭ᠎ᠠ  ᠨᠢ ᠪᠦᠬᠦ ᠶᠠᠪᠤᠴᠠ ᠶᠢᠨ ᠨᠠᠶᠢᠳᠠᠨ ᠬᠠᠮᠢᠶᠠᠷᠠᠭᠤᠯᠬᠤ ᠦᠢᠯᠡᠴᠢᠯᠡᠭᠡ ᠪᠣᠯᠤᠨ᠎ᠠ᠂ ᠬᠤᠪᠢᠶᠠᠷᠢᠯᠠᠭᠰᠠᠨ ᠦᠢᠯᠡᠴᠢᠯᠡᠭᠡᠨ ᠤ ᠲᠠᠯᠠᠪᠠᠢ ᠨᠢ 4065 ᠮᠤ᠋᠂ ᠮᠤ᠋ ᠪᠦᠷᠢ ᠶᠢᠨ ᠦᠢᠯᠡᠴᠢᠯᠡᠭᠡᠨ ᠤ ᠨᠢᠭᠡᠴᠢ ᠦᠨ᠎ᠡ ᠨᠢ 290 ᠲᠥᠭᠦᠷᠢᠭ᠂ ᠮᠤ᠋ ᠪᠦᠷᠢ  ᠶᠢᠨ ᠨᠦᠬᠦᠪᠦᠷᠢ ᠮᠦᠩᠭᠦ   ᠨᠢ 81.2 ᠲᠦᠭᠦᠷᠢᠭ᠂ ᠨᠦᠬᠦᠪᠦᠷᠢ ᠶᠢᠨ ᠬᠠᠷᠢᠴᠠᠯ28%᠂  ᠨᠦᠬᠦᠪᠦᠷᠢ ᠶᠢᠨ ᠪᠡᠯᠡ ᠮᠦᠩᠭᠦ ᠨᠡᠶᠢᠲᠡ 330078 ᠲᠦᠭᠦᠷᠢᠭ᠃ ᠤᠯᠠᠭᠠᠨᠬᠠᠳᠠ ᠬᠤᠲᠠ ᠶᠢᠨ ᠶᠠᠨ ᠵᠢᠶᠦ᠋ᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠤᠰᠬᠠᠶᠢᠵᠢᠭᠰᠠᠨ ᠬᠤᠷᠰᠢᠶᠠᠵᠢᠯ ᠤᠨ ᠡᠷᠡᠮᠡᠯᠵᠡᠨ ᠮᠡᠳᠡᠭᠦᠯᠦᠭᠰᠡᠨ ᠲᠦᠷᠦᠯ ᠵᠦᠢᠯ ᠤᠨ ᠠᠭᠤᠯᠭ᠎ᠠ  ᠨᠢ ᠪᠦᠬᠦ ᠶᠠᠪᠤᠴᠠ ᠶᠢᠨ ᠨᠠᠶᠢᠳᠠᠨ ᠬᠠᠮᠢᠶᠠᠷᠠᠭᠤᠯᠬᠤ ᠦᠢᠯᠡᠴᠢᠯᠡᠭᠡ ᠪᠠᠶᠢᠵᠤ᠂ ᠬᠤᠪᠢᠶᠠᠷᠢᠯᠠᠭᠰᠠᠨ ᠦᠢᠯᠡᠴᠢᠯᠡᠭᠡᠨ ᠤ ᠲᠠᠯᠠᠪᠠᠢ ᠨᠢ 4025.33 ᠮᠤ᠋᠂ ᠮᠤ᠋ ᠪᠦᠷᠢ ᠶᠢᠨ ᠦᠢᠯᠡᠴᠢᠯᠡᠭᠡᠨ ᠤ ᠨᠢᠭᠡᠴᠢ ᠦᠨ᠎ᠡ ᠨᠢ 280 ᠲᠦᠭᠦᠷᠢᠭ᠂ ᠮᠤ᠋ ᠪᠦᠷᠢ ᠶᠢᠨ ᠨᠦᠬᠦᠪᠦᠷᠢ ᠮᠦᠩᠭᠦ ᠨᠢ 78.4 ᠲᠦᠭᠦᠷᠢᠭ᠂ ᠨᠦᠬᠦᠪᠦᠷᠢ ᠶᠢᠨ ᠬᠠᠷᠢᠴᠠᠯ ᠨᠢ 28%᠂ ᠨᠦᠬᠦᠪᠦᠷᠢ  ᠶᠢᠨ ᠪᠡᠯᠡ ᠮᠦᠩᠭᠦ ᠨᠡᠶᠢᠲᠡ 315586 ᠲᠦᠭᠦᠷᠢᠭ᠃ ᠤᠯᠠᠭᠠᠨᠬᠠᠳᠠ ᠶᠢᠨ ᠢᠦᠢ ᠡᠾᠧ ᠲᠠᠷᠢᠵᠤ ᠪᠤᠶᠢᠵᠢᠭᠤᠯᠬᠤ ᠲᠤᠰᠬᠠᠶᠢᠵᠢᠭᠰᠠᠨ ᠬᠤᠷᠰᠢᠶᠠᠵᠢᠯ ᠤᠨ ᠡᠷᠡᠮᠡᠯᠵᠡᠨ ᠮᠡᠳᠡᠭᠦᠯᠦᠭᠰᠡᠨ ᠠᠭᠤᠯᠭ᠎ᠠ ᠨᠢ ᠪᠦᠬᠦ ᠶᠠᠪᠤᠴᠠ ᠶᠢᠨ ᠨᠠᠶᠢᠳᠠᠨ ᠬᠠᠮᠢᠶᠠᠷᠠᠭᠤᠯᠬᠤ ᠦᠢᠯᠡᠴᠢᠯᠡᠭᠡ᠂ ᠬᠤᠪᠢᠶᠠᠷᠢᠯᠠᠭᠰᠠᠨ ᠦᠢᠯᠡᠴᠢᠯᠡᠭᠡᠨ ᠤ ᠲᠠᠯᠠᠪᠠᠢ ᠨᠢ 2120 ᠮᠤ᠋᠂ ᠮᠤ᠋ ᠪᠦᠷᠢ ᠶᠢᠨ ᠦᠢᠯᠡᠴᠢᠯᠡᠭᠡᠨ ᠤ ᠨᠢᠭᠡᠴᠢ ᠦᠨ᠎ᠡ ᠨᠢ 260 ᠲᠦᠭᠦᠷᠢᠭ᠂ ᠮᠤ᠋ ᠪᠦᠷᠢ ᠶᠢᠨ ᠨᠦᠬᠦᠪᠦᠷᠢ ᠮᠦᠩᠭᠦ 72.8 ᠲᠦᠭᠦᠷᠢᠭ᠂ ᠨᠦᠬᠦᠪᠦᠷᠢ ᠶᠢᠨ ᠬᠠᠷᠢᠴᠠᠯ ᠨᠢ 28%᠂ ᠨᠦᠬᠦᠪᠦᠷᠢ ᠶᠢᠨ ᠪᠡᠯᠡ ᠮᠦᠩᠭᠦ ᠨᠡᠶᠢᠲᠡ 154336 ᠲᠦᠭᠦᠷᠢᠭ᠃        ᠨᠢᠭᠡ᠂ ᠢᠯᠡ ᠨᠡᠶᠢᠲᠡᠯᠡᠬᠦ ᠬᠤᠭᠤᠴᠠᠭ᠎ᠠ        2021 ᠣᠨ ᠤ 11 ᠰᠠᠷ᠎ᠠ ᠶᠢᠨ 2 ᠤᠨ ᠡᠳᠦᠷ ᠠᠴᠠ 2021 ᠣᠨ ᠤ 11 ᠰᠠᠷ᠎ᠠ ᠶᠢᠨ 8 ᠤ ᠡᠳᠦᠷ᠂ ᠨᠡᠶᠢᠲᠡ 7 ᠡᠳᠦᠷ᠃        ᠬᠤᠶᠠᠷ᠂ ᠤᠨᠳᠤᠤ ᠰᠠᠨᠠᠯ ᠪᠠᠨ ᠲᠤᠰᠬᠠᠬᠤ ᠠᠷᠭ᠎ᠠ ᠬᠡᠯᠪᠡᠷᠢ        ᠠᠯᠢᠪᠠ ᠪᠠᠶᠢᠭᠤᠯᠭ᠎ᠠ ᠨᠢᠭᠡᠴᠡ ᠪᠤᠶᠤ ᠬᠤᠪᠢ ᠬᠦᠮᠦᠨ ᠪᠡᠯᠡ ᠮᠦᠩᠭᠦ ᠶᠢ ᠬᠤᠪᠢᠶᠠᠷᠢᠯᠠᠬᠤ ᠲᠦᠰᠦᠯ ᠳᠤ ᠤᠨᠳᠤᠤ ᠰᠠᠨᠠᠯ ᠲᠠᠢ ᠪᠣᠯ ᠢᠯᠡ ᠨᠡᠶᠢᠲᠡᠯᠡᠬᠦ ᠬᠤᠭᠤᠴᠠᠭᠠᠨ ᠳᠤ ᠳᠤᠷᠠᠳᠴᠤ ᠪᠤᠯᠤᠨ᠎ᠠ᠃ ᠤᠨᠳᠤᠤ ᠰᠠᠨᠠᠯ ᠢᠶᠠᠨ ᠦᠰᠦᠭ ᠪᠢᠴᠢᠭ ᠤᠨ ᠬᠡᠯᠪᠡᠷᠢ ᠪᠠᠷ ᠳᠤᠷᠠᠳᠬᠤ ᠶᠢᠨ ᠬᠠᠮᠲᠤ ᠰᠢᠯᠲᠠᠭᠠᠨ ᠢ ᠨᠢ ᠵᠢᠭᠰᠠᠭᠠᠨ ᠲᠤᠭᠠᠴᠢᠵᠤ ᠪᠤᠳᠠᠲᠤ ᠭᠡᠷᠡᠴᠢ ᠪᠠᠨ ᠳᠤᠷᠠᠳᠤᠨ᠎ᠠ᠃ ᠬᠤᠪᠢ ᠬᠦᠮᠦᠨ ᠤᠨᠳᠤᠤ ᠰᠠᠨᠠᠯ ᠪᠠᠨ ᠳᠤᠷᠠᠳᠤᠭᠰᠠᠨ ᠪᠣᠯ ᠨᠡᠷ᠎ᠡ ᠤᠪᠤᠭ᠂ ᠪᠠᠶᠢᠭᠤᠯᠭ᠎ᠠ ᠨᠢᠭᠡᠴᠡ᠂ ᠬᠠᠷᠢᠯᠴᠠᠬᠤ ᠬᠠᠶ᠋ᠢᠭ᠂ ᠬᠠᠷᠢᠯᠴᠠᠬᠤ ᠤᠲᠠᠰᠤ ᠪᠠᠨ ᠦᠨᠡᠨ ᠮᠦᠨ ᠢᠶᠠᠷ ᠨᠢ ᠪᠢᠴᠢᠨ᠎ᠡ᠂ ᠪᠠᠶᠢᠭᠤᠯᠭ᠎ᠠ ᠶᠢᠨ ᠨᠡᠷ᠎ᠡ ᠪᠠᠷ ᠣᠨᠳᠤᠤ ᠰᠠᠨᠠᠯ ᠢᠶᠠᠨ ᠳᠤᠷᠠᠳᠤᠭᠰᠠᠨ ᠪᠣᠯ ᠬᠠᠷᠢᠯᠴᠠᠬᠤ ᠬᠦᠮᠦᠨ ᠤ ᠨᠡᠷ᠎ᠡ᠂  ᠬᠠᠷᠢᠯᠴᠠᠬᠤ ᠤᠲᠠᠰᠤ ᠶᠢ ᠪᠢᠴᠢᠬᠦ ᠶᠢᠨ ᠬᠠᠮᠲᠤ ᠠᠯᠪᠠᠨ ᠲᠠᠮᠠᠭ᠎ᠠ ᠪᠠᠨ ᠳᠠᠷᠤᠨ᠎ᠠ᠃        ᠭᠤᠷᠪᠠ᠂ ᠤᠨᠳᠤᠤ ᠰᠠᠨᠠᠯ ᠢ ᠰᠢᠢᠳᠪᠦᠷᠢᠯᠡᠬᠦ        ᠪᠡᠯᠡ ᠮᠦᠩᠭᠦ ᠶᠢ ᠬᠤᠪᠢᠶᠠᠷᠢᠯᠠᠬᠤ ᠲᠦᠰᠦᠯ ᠳᠤ ᠳᠤᠷᠠᠳᠤᠭᠰᠠᠨ ᠤᠨᠳᠤᠤ ᠰᠠᠨᠠᠯ ᠢ ᠬᠤᠩᠱᠠᠨ ᠲᠣᠭᠤᠷᠢᠭ  ᠤᠨ ᠲᠠᠷᠢᠶᠠᠯᠠᠩ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠷᠦᠯ ᠵᠦᠢᠯ ᠢ ᠪᠠᠶᠢᠴᠠᠭᠠᠨ ᠬᠢᠨᠠᠬᠤ ᠪᠠᠭ᠎ᠠ ᠳᠤᠭᠤᠶᠢᠯᠠᠩ ᠬᠠᠷᠢᠭᠤᠴᠠᠵᠤ ᠬᠢᠨᠠᠨ ᠬᠠᠷᠭᠤᠭᠤᠯᠵᠤ ᠪᠠᠶᠢᠴᠠᠭᠠᠨ ᠰᠢᠢᠳᠪᠦᠷᠢᠯᠡᠨ᠎ᠡ᠃        ᠳᠦᠷᠪᠡ᠂ ᠬᠠᠷᠢᠯᠴᠠᠬᠤ ᠠᠷᠭ᠎ᠠ ᠮᠠᠶ᠋ᠢᠭ        ᠬᠠᠷᠢᠯᠴᠠᠬᠤ ᠤᠲᠠᠰᠤ᠄ 0476-8235728        ᠬᠠᠷᠢᠯᠴᠠᠬᠤ ᠬᠦᠮᠦᠨ᠄  ᠰᠢᠶᠠ ᠴᠦᠨ ᠢᠩ
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号