| | 11 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ | ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ | ᠭᠤᠴᠢᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ | ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ | ᠪᠣᠯᠣᠨ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ | ᠤᠳᠠᠭ᠎ᠠ ᠶᠢᠨ ᠭᠡᠷᠡᠲᠦ ᠲᠠᠯ᠎ᠠ ᠶᠢᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠡᠭᠡᠷᠡᠬᠢ ᠭᠤᠣᠯ | ᠵᠣᠷᠢᠯᠭᠠᠲᠤ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠮᠢ ᠠᠬᠤᠢ ᠶᠢᠨ ᠦᠢᠯᠡᠳᠬᠦᠨ ᠤ | ᠥᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠵᠡᠷᠭᠡ ᠵᠦᠢᠯ ᠢ ᠰᠤᠳᠤᠯᠪᠠ᠃ ᠡᠵᠡᠨ᠎ᠡ | ᠬᠤᠰᠢᠭᠤᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠭᠠᠨ ᠵᠢᠯᠣᠭᠤᠳᠴᠤ ᠱᠠᠯᠠᠪᠳᠠᠭᠤᠯᠵᠤ | ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠶᠢᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠣ ᠴᠦᠨ | ᠬᠤᠷᠠᠯ ᠢ ᠡᠷᠬᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠠ | ᠲᠣᠬᠢᠶᠠᠯ ᠢ ᠠᠮᠵᠢᠨ ᠲᠣᠭᠠᠴᠢᠯᠠᠭᠰᠠᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠬᠦᠴᠦᠯᠡᠨ ᠪᠤᠢ ᠪᠣᠯᠭᠠᠵᠤ᠂ ᠲᠣᠭᠠᠴᠢᠯᠠᠭᠰᠠᠨ ᠮᠡᠷᠭᠡᠵᠢᠯ ᠪᠣᠯᠣᠨ | ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ | ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠳᠤ ᠬᠦᠴᠦᠨ ᠴᠢᠳᠠᠯ ᠣᠯᠭᠤᠵᠤ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠰᠠᠶᠢᠨ ᠰᠠᠶᠢᠬᠠᠨ | ᠣᠷᠴᠢᠨ ᠨᠥᠬᠦᠴᠡᠯ ᠢ ᠪᠤᠢ ᠪᠣᠯᠭᠠᠵᠤ᠂ ᠪᠠᠭᠲᠠᠭᠠᠮᠵᠢᠲᠠᠢ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠪᠠᠷ ᠲᠠᠪᠴᠠᠩᠲᠤ | ᠠᠵᠤ ᠠᠬᠤᠢ ᠶᠢᠨ ᠡᠮᠬᠢ ᠵᠢᠷᠤᠮ ᠲᠠᠢ ᠵᠢᠷᠤᠮᠵᠢᠯ ᠲᠠᠢ ᠬᠥᠭᠵᠢᠬᠦ ᠶᠢ ᠬᠥᠲᠥᠯᠥᠨ ᠵᠢᠯᠣᠭᠤᠳᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠠᠮᠢ ᠠᠬᠤᠢ ᠶᠢ | ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ ᠶᠢ ᠪᠠᠷᠢᠮᠲᠠᠯᠠᠵᠤ᠂ ᠬᠠᠮᠠᠭᠠᠯᠠᠬᠤ ᠪᠠ ᠬᠥᠭᠵᠢᠭᠦᠯᠬᠦ᠂ | ᠬᠥᠭᠵᠢᠯᠲᠡ ᠪᠠ ᠠᠮᠤᠷ ᠲᠦᠪᠰᠢᠨ᠂ ᠣᠳᠣᠬᠢ ᠪᠠ ᠠᠯᠤᠰ ᠬᠡᠳᠦ᠂ ᠪᠦᠬᠦ ᠲᠠᠯ᠎ᠠ ᠪᠠ ᠬᠡᠰᠡᠭ ᠲᠠᠯ᠎ᠠ ᠵᠡᠷᠭᠡ ᠶᠢᠨ | ᠴᠢᠬᠤᠯᠠ ᠶᠡᠭᠡ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ | ᠵᠠᠰᠠᠬᠤ᠂ ᠤᠰᠤ ᠶᠢ ᠭᠦᠨᠵᠡᠭᠡᠢ ᠠᠷᠪᠢᠯᠠᠨ ᠡᠵᠡᠮᠰᠢᠬᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠦᠨᠡᠨ ᠬᠦ ᠰᠠᠶᠢᠲᠤᠷ ᠬᠢᠵᠦ᠂ ᠰᠠᠪᠠ ᠭᠠᠵᠠᠷ ᠤᠨ ᠠᠵᠤ ᠠᠬᠤᠢ ᠶᠢᠨ | ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠭᠴᠢ ᠬᠦᠴᠦᠨ ᠤ | ᠬᠤᠪᠢᠰᠤᠯᠲᠠ ᠶᠢ ᠠᠬᠢᠭᠤᠯᠵᠤ᠂ ᠡᠯ᠎ᠡ ᠵᠦᠢᠯ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ | ᠪᠣᠳᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠢ ᠰᠠᠶᠢᠲᠤᠷ ᠬᠢᠬᠦ | ᠲᠤᠬᠠᠢ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠮᠢᠳᠤ | ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠢ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠶᠡᠭᠡ ᠲᠠᠯ᠎ᠠ ᠳᠤ ᠦᠨᠡᠨ ᠬᠦ ᠣᠷᠣᠭᠤᠯᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ | ᠬᠠᠮᠠᠭᠠᠯᠠᠬᠤ ᠣᠶᠢᠯᠠᠭᠠᠭᠳᠠᠬᠤᠨ ᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦ ᠶᠠᠪᠤᠴᠠ ᠳᠤ | ᠠᠭᠤᠰᠤᠯᠴᠠᠭᠤᠯᠵᠤ᠂ ᠰᠢᠨ᠎ᠡ ᠮᠡᠷᠭᠡᠵᠢᠯ ᠰᠢᠨ᠎ᠡ ᠠᠷᠭ᠎ᠠ ᠵᠠᠮ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ | ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠳᠤ ᠲᠠᠰᠤᠷᠠᠯᠲᠠ ᠦᠭᠡᠢ ᠰᠢᠨ᠎ᠡ ᠠᠬᠢᠴᠠ | ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠨᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ | ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠭᠤᠣᠯ ᠵᠥᠷᠢᠴᠡᠯ ᠪᠣᠯᠣᠨ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠭᠵᠢᠷᠡᠯ ᠢ | ᠬᠦᠴᠦᠯᠡᠨ ᠰᠢᠯᠤᠭᠤᠳᠬᠠᠵᠤ᠂ ᠬᠤᠷᠢᠭ᠎ᠠ ᠶᠢ ᠨᠡᠪᠲᠡᠷᠡᠭᠦᠯᠵᠦ᠂ ᠬᠦᠴᠢᠷᠳᠡᠯ ᠢ ᠰᠢᠢᠳᠪᠦᠷᠢᠯᠡᠵᠦ᠂ ᠠᠮᠢ ᠠᠬᠤᠢ ᠶᠢᠨ | ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠠᠵᠤ ᠦᠢᠯᠡᠰ ᠢ ᠠᠮᠢ | ᠠᠬᠤᠶᠢᠵᠢᠭᠤᠯᠬᠤ᠂ ᠠᠮᠢ ᠠᠬᠤᠢ ᠶᠢ ᠠᠵᠤ ᠦᠢᠯᠡᠰᠵᠢᠭᠦᠯᠬᠦ ᠶᠢ ᠶᠡᠭᠡ ᠪᠠᠷ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠲᠥᠰᠥᠯ ᠵᠡᠷᠭᠡ ᠵᠦᠢᠯ ᠢ | ᠰᠤᠳᠤᠯᠵᠠᠢ᠃ |