ᠥᠪᠥᠷ ᠮᠣᠩᠭᠤᠯ ᠵᠠᠰᠠᠮᠠᠯ ᠵᠠᠮ ᠤᠰᠤᠨ ᠵᠠᠮ ᠤᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠪᠡ
ᠨᠡᠶᠢᠲᠡᠯᠡᠭᠰᠡᠨ ᠴᠠᠭ᠄
2021/11/9
           ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠤᠨ ᠪᠠᠶᠢᠳᠠᠯ ᠢ ᠪᠠᠶᠢᠴᠠᠭᠠᠵᠤ ᠪᠠᠶᠢᠳᠠᠯ ᠢ ᠲᠣᠳᠤᠯᠠᠵᠤ ᠳᠠᠩᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠵᠠᠰᠠᠮᠠᠯ ᠵᠠᠮ ᠤᠰᠤᠨ ᠵᠠᠮ ᠤᠨ ᠡᠳ᠋ ᠬᠥᠷᠥᠩᠭᠡ ᠶᠢᠨ ᠪᠠᠶᠢᠳᠠᠯ ᠢ ᠪᠦᠬᠦ ᠲᠠᠯ᠎ᠠ ᠪᠠᠷ ᠲᠤᠰᠬᠠᠵᠤ᠂ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠪᠠ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠮᠡᠳᠡᠭᠦᠯᠦᠯᠲᠡ ᠶᠢᠨ ᠲᠣᠭᠠᠴᠠᠭ᠎ᠠ ᠬᠢᠬᠦ ᠰᠠᠭᠤᠷᠢ ᠶᠢ ᠪᠠᠬᠢᠵᠢᠭᠦᠯᠬᠦ ᠶᠢᠨ ᠲᠤᠰᠠᠳᠠ᠂ ᠡᠳ᠋ ᠤᠨ ᠵᠠᠰᠠᠭ ᠤᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠠᠷᠢᠯᠭ᠎ᠠ ᠶᠢᠨ ᠦᠨ᠎ᠡ ᠲᠣᠭᠲᠠᠭᠠᠬᠤ ᠥᠷᠲᠡᠭᠡ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠭᠰᠠᠨ ︽ᠵᠠᠰᠠᠮᠠᠯ ᠵᠠᠮ ᠤᠰᠤᠨ ᠵᠠᠮ ᠤᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠲᠥᠷᠥᠯ ᠬᠤᠪᠢᠶᠠᠬᠤ ᠠᠷᠭ᠎ᠠ ᠵᠢᠴᠢ ᠳᠠᠬᠢᠨ ᠲᠥᠬᠦᠭᠡᠷᠬᠦ ᠥᠪᠡᠷ ᠤᠨ ᠥᠷᠲᠡᠭ ᠤᠨ ᠪᠠᠷᠢᠮᠵᠢᠶ᠎ᠠ ᠶᠢᠨ ᠵᠢᠯᠣᠭᠤᠳᠬᠤ ᠰᠠᠨᠠᠯ︾ ︵ᠳᠣᠷᠤᠭᠰᠢ ︽ᠰᠠᠨᠠᠯ︾ ᠭᠡᠵᠦ ᠲᠣᠪᠴᠢᠯᠠᠨ᠎ᠠ︶ ᠢ ᠪᠡᠶᠡᠯᠡᠭᠦᠯᠬᠦ ᠶᠢᠨ ᠬᠠᠮᠲᠤ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃        ︽ᠰᠠᠨᠠᠯ︾ ᠪᠣᠯ ᠥᠪᠥᠷ ᠮᠣᠩᠭᠤᠯ ᠤᠨ ᠵᠠᠰᠠᠮᠠᠯ ᠵᠠᠮ ᠤᠰᠤᠨ ᠵᠠᠮ ᠤᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ ᠲᠥᠷᠥᠯ ᠬᠤᠪᠢᠶᠠᠨ ᠳᠠᠬᠢᠨ ᠲᠥᠬᠦᠭᠡᠷᠬᠦ ᠥᠪᠡᠷ ᠤᠨ ᠥᠷᠲᠡᠭ ᠤᠨ ᠵᠠᠷᠤᠳᠠᠯ ᠢ ᠨᠠᠶᠢᠷᠠᠭᠤᠯᠤᠨ ᠵᠣᠬᠢᠶᠠᠬᠤ ᠶᠢᠨ ᠵᠢᠯᠣᠭᠤᠳᠬᠤ ᠴᠢᠨᠠᠷᠲᠠᠶ ᠦᠨᠳᠦᠰᠦᠯᠡᠯ ᠮᠥᠨ᠂ ᠥᠪᠥᠷ ᠮᠣᠩᠭᠤᠯ ᠤᠨ ᠣᠷᠣᠨ ᠪᠦᠰᠡ ᠶᠢᠨ ᠳᠣᠲᠣᠷᠠᠬᠢ ᠵᠠᠰᠠᠮᠠᠯ ᠵᠠᠮ ᠤᠰᠤᠨ ᠵᠠᠮ ᠤᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠨᠢ ᠠᠩᠬ᠎ᠠ ᠪᠠᠶᠢᠭᠤᠯᠤᠭᠰᠠᠨ ᠠᠩᠬᠠᠨ ᠤ ᠮᠠᠲ᠋ᠧᠷᠢᠶᠠᠯ ᠢ ᠤᠯᠬᠤ ᠠᠷᠭ᠎ᠠ ᠥᠬᠡᠶ ᠦᠶ᠎ᠡ ᠳᠤ ᠳᠠᠭᠢᠵᠤ ᠲᠥᠬᠦᠭᠡᠷᠬᠦ ᠥᠪᠡᠷ ᠤᠨ ᠥᠷᠲᠡᠭ ᠢ ᠬᠡᠷᠡᠭᠯᠡᠨ᠎ᠡ᠃        ᠵᠠᠰᠠᠮᠠᠯ ᠵᠠᠮ ᠤᠰᠤᠨ ᠵᠠᠮ ᠤᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠪᠣᠯ ᠵᠠᠰᠠᠭ ᠤᠨ ᠣᠷᠳᠣᠨ ᠤ ᠡᠳ᠋ ᠬᠥᠷᠥᠩᠭᠡ ᠶᠢᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠵᠠᠰᠠᠮᠠᠯ ᠵᠠᠮ ᠤᠰᠤᠨ ᠵᠠᠮ ᠤᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠡᠳ᠋ ᠬᠥᠷᠥᠩᠭᠡ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠨᠤᠲᠠᠯᠠᠨ ᠲᠣᠭᠲᠠᠭᠠᠬᠤ᠂ ᠬᠡᠮᠵᠢᠬᠦ᠂ ᠲᠡᠮᠳᠡᠭᠯᠡᠬᠦ ᠪᠠ ᠮᠡᠳᠡᠭᠦᠯᠬᠦ ᠨᠢ ᠡᠷᠬᠡ ᠬᠠᠷᠢᠭᠤᠴᠠᠯᠭ᠎ᠠ ᠡᠭᠦᠰᠬᠦ ᠳᠦᠷᠢᠮᠲᠦ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠲᠦᠷᠢᠮ ᠢ ᠪᠠᠶᠢᠭᠤᠯᠬᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号