ᠪᠥᠬᠦ ᠣᠷᠣᠨ ᠤ ᠢᠷᠡᠭᠡᠳᠦᠢ ᠶᠢᠨ 15 ᠡᠳᠦᠷ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2021/11/9
           2021 ᠣᠨ ᠤ 11 ᠳ᠋ᠦ᠋ᠭᠡᠷ ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠢᠨᠠᠨ ᠰᠢᠨᠵᠢᠯᠡᠯᠲᠡ ᠶᠢᠨ ᠶᠡᠷᠦᠩᠬᠡᠶ ᠥᠷᠲᠡᠭᠡ ᠪᠥᠬᠦ ᠣᠷᠣᠨ ᠤ 12 ᠠᠶᠢᠮᠠᠭ ᠬᠤᠲᠠ᠂ ᠮᠠᠨᠵᠤᠤᠷ ᠬᠤᠲᠠ ᠪᠣᠯᠤᠨ ᠡᠷᠢᠶᠡᠨ ᠬᠤᠲᠠ ᠶᠢᠨ ᠣᠷᠴᠢᠨ ᠲᠣᠭᠤᠷᠢᠨ ᠤ ᠬᠢᠨᠠᠨ ᠰᠢᠨᠵᠢᠯᠡᠯᠲᠡ ᠶᠢᠨ ᠥᠷᠲᠡᠭᠡ ᠲᠠᠢ ᠬᠠᠮᠲᠤᠷᠠᠨ ᠵᠥᠪᠳᠡᠯᠴᠡᠵᠦ᠂ ᠢᠷᠡᠭᠡᠳᠦᠶ ᠶᠢᠨ 15 ᠡᠳᠦᠷ ᠲᠤ ᠪᠥᠬᠦ ᠣᠷᠣᠨ ᠤ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠤᠷᠢᠳᠴᠢᠯᠠᠭᠰᠠᠨ ᠮᠡᠳᠡᠭᠡ ᠵᠢᠴᠢ ᠪᠣᠬᠢᠷᠲᠤᠯ ᠤᠨ ᠳᠠᠯᠳᠠ ᠬᠦᠴᠦᠨ ᠤ ᠵᠠᠳᠠᠯᠤᠯᠲᠠ ᠶᠢ ᠭᠠᠷᠭᠠᠪᠠ᠂ ᠡᠭᠦᠨ ᠤ ᠳ᠋ᠦᠩ ᠨᠢ ᠳᠣᠤᠷᠠᠬᠢ ᠮᠡᠲᠦ᠄        ᠢᠷᠡᠭᠡᠳᠦᠢ ᠶᠢᠨ 15 ᠡᠳᠦᠷ ᠲᠤ᠂ ᠮᠠᠨ ᠤ ᠣᠷᠣᠨ ᠤ ᠬᠦᠢᠲᠡᠨ ᠠᠭᠠᠷ ᠤᠨ ᠬᠥᠳᠡᠯᠭᠡᠭᠡᠨ ᠤ ᠳᠠᠪᠲᠠᠮᠵᠢ ᠨᠡᠯᠢᠶᠡᠳ ᠶᠡᠭᠡ ᠪᠠᠶᠢᠵᠤ᠂ ᠠᠭᠠᠷ ᠮᠠᠨᠳᠠᠯ ᠤᠨ ᠲᠠᠷᠬᠠᠯᠲᠠ ᠶᠢᠨ ᠨᠥᠬᠦᠴᠡᠯ ᠶᠡᠷᠦᠩᠬᠡᠶ ᠳᠤ ᠪᠠᠨ ᠠᠰᠢᠭᠲᠠᠶ ᠪᠠᠶᠢᠨ᠎ᠠ᠃ 11 ᠳ᠋ᠦ᠋ᠭᠡᠷ ᠰᠠᠷ᠎ᠠ ᠶᠢᠨ 12 — 13 ᠤ ᠡᠳᠦᠷ᠂ 16 — 18 ᠤ ᠡᠳᠦᠷ ᠪᠣᠯ ᠬᠦᠢᠲᠡᠨ ᠠᠭᠠᠷ ᠤᠨ ᠵᠠᠪᠰᠠᠷ ᠤᠨ ᠬᠤᠭᠤᠴᠠᠭ᠎ᠠ ᠪᠣᠯᠤᠨ᠎ᠠ᠃ ᠣᠶᠢᠷ᠎ᠠ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠨᠡᠯᠢᠶᠡᠳ ᠳᠣᠤᠷ᠎ᠠ ᠪᠠᠶᠢᠵᠤ᠂ ᠳᠤᠯᠠᠭᠠᠯᠠᠭ᠎ᠠ ᠠᠴᠠ ᠪᠣᠯᠣᠭᠰᠠᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠦᠴᠦᠯᠡᠴᠡ ᠨᠡᠮᠡᠭᠳᠡᠭᠰᠡᠨ ᠨᠥᠯᠥᠭᠡ ᠪᠠᠷ᠂ ᠳᠤᠮᠳᠠ ᠪᠠᠷᠠᠭᠤᠨ ᠬᠡᠰᠡᠭ ᠵᠢᠴᠢ ᠵᠡᠭᠦᠨ ᠠᠴᠠ ᠡᠮᠦᠨ᠎ᠡ ᠬᠡᠰᠡᠭ ᠤᠨ ᠭᠠᠵᠠᠷ ᠣᠷᠣᠨ ᠳᠤ ᠬᠥᠩᠭᠡᠨ ᠬᠡᠮᠵᠢᠶᠡᠨ ᠤ ᠪᠣᠬᠢᠷᠲᠤᠯ ᠤᠨ ᠲᠦᠭᠰᠢᠭᠦᠷᠢ ᠨᠡᠯᠢᠶᠡᠳ ᠶᠡᠬᠡᠰᠪᠡ᠃ ᠪᠤᠰᠤᠳ ᠬᠤᠭᠤᠴᠠᠭᠠᠨ ᠳᠤ ᠡᠯ᠎ᠡ ᠠᠶᠢᠮᠠᠭ ᠬᠤᠲᠠ ᠶᠢᠨ ᠠᠭᠠᠷ ᠤᠨ ᠶᠠᠰᠤ ᠴᠢᠨᠠᠷ ᠨᠢ ᠰᠠᠶᠢᠨ ᠢᠶᠠᠷ ᠭᠤᠣᠯᠯᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号