ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠵᠢᠷᠭᠤᠳᠤᠭᠠᠷ ᠤᠳᠠᠭ᠎ᠠ ᠶᠢᠨ ᠬᠤᠷᠠᠯ ᠬᠢᠪᠡ ᠱᠢ ᠲᠠᠢ ᠹᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2021/12/1
           11 ᠰᠠᠷ᠎ᠠ ᠶᠢᠨ 30 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠵᠢᠷᠭᠤᠳᠤᠭᠠᠷ ᠤᠳᠠᠭ᠎ᠠ ᠶᠢᠨ ᠬᠤᠷᠠᠯ ᠬᠢᠪᠡ᠃        ᠱᠢ ᠲᠠᠢ ᠹᠧᠩ ᠬᠤᠷᠠᠯ ᠢ ᠡᠷᠬᠢᠯᠡᠵᠠᠢ᠃        ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠭᠡᠰᠢᠭᠦᠨ᠂ ᠣᠷᠣᠯᠠᠭᠴᠢ ᠭᠡᠰᠢᠭᠦᠨ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ ᠤ ᠰᠣᠩᠭᠤᠭᠤᠯᠢ ᠶᠢᠨ ᠦᠷ᠎ᠡ ᠳ᠋ᠦᠩ ᠤᠨ ᠲᠤᠬᠠᠢ ᠶᠡᠭᠡ ᠬᠤᠷᠠᠯ ᠤᠨ ᠶᠡᠷᠦᠩᠬᠡᠢ ᠪᠢᠯᠧᠲ ᠬᠢᠨᠠᠭᠴᠢ ᠶᠢᠨ ᠬᠢᠭᠰᠡᠨ ᠮᠡᠳᠡᠭᠦᠯᠦᠯᠲᠡ ᠶᠢ ᠰᠣᠨᠣᠰᠴᠤ᠂ ᠡᠳᠡᠭᠡᠷ ᠭᠤᠷᠪᠠᠨ ᠰᠣᠩᠭᠤᠭᠤᠯᠢ ᠶᠢᠨ ᠦᠷ᠎ᠡ ᠳ᠋ᠦᠩ ᠢ ᠶᠡᠭᠡ ᠬᠤᠷᠠᠯ ᠤᠨ ᠪᠦᠬᠦ ᠲᠥᠯᠥᠭᠡᠯᠡᠭᠴᠢ ᠳᠤ ᠮᠡᠳᠡᠭᠦᠯᠬᠦ ᠶᠢᠨ ᠬᠠᠮᠲᠤ ᠂ ᠰᠣᠩᠭᠤᠭᠳᠠᠭᠰᠠᠳ ᠤᠨ ᠨᠡᠷᠡᠰ ᠢ ᠨᠡᠶᠢᠲᠡᠯᠡᠬᠦ ᠪᠠᠷ ᠲᠣᠭᠲᠠᠪᠠ᠃        ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠪᠦᠬᠦᠳᠡ ᠬᠤᠷᠠᠯ ᠢ ᠬᠤᠷᠠᠯᠳᠤᠭᠤᠯᠬᠤ ᠴᠠᠭ ᠪᠣᠯᠤᠨ ᠴᠤᠬᠯᠠᠭᠤᠯᠤᠬᠴᠢ ᠶᠢᠨ ᠨᠡᠷᠡᠰ ᠢ ᠪᠠᠲᠤᠯᠠᠵᠠᠢ᠃        ᠬᠤᠷᠠᠯ ᠠᠴᠠ᠂ ︽ᠲᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢᠨ ᠠᠵᠢᠯ ᠤᠨ ᠲᠦᠷᠢᠮ︾ ᠤᠨ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠪᠥᠬᠦᠳᠡ ᠬᠤᠷᠠᠯ ᠤᠨ ᠰᠣᠩᠭᠤᠭᠤᠯᠢ ᠲᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠪᠥᠬᠦᠳᠡ ᠬᠤᠷᠠᠯ ᠳᠤ ᠰᠣᠩᠭᠤᠭᠤᠯᠢ ᠶᠢᠨ ᠦᠷ᠎ᠡ ᠳ᠋ᠦᠩ ᠢ ᠮᠡᠳᠡᠭᠦᠯᠬᠦ ᠬᠡᠷᠡᠭᠲᠡᠶ ᠭᠡᠵᠤ ᠲᠤᠭᠳᠠᠵᠠᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号