ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠠᠩᠬᠠᠳᠤᠭᠠᠷ ᠪᠦᠭᠦᠳᠡ ᠬᠤᠷᠠᠯ ᠬᠤᠷᠠᠯᠳᠤᠭᠤᠯᠪᠠ ᠱᠢ ᠲᠠᠢ ᠹᠧᠩ ᠬᠤᠷᠠᠯ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/12/1
           ᠱᠢ ᠲᠠᠢ ᠹᠧᠩ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠪᠠᠷ ᠰᠣᠩᠭᠤᠵᠤ᠂ ᠸᠠᠩ ᠯᠢ ᠰᠢᠶᠠ᠂ ᠮᠧᠩ ᠹᠠᠨ ᠯᠢ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠪᠠᠷ ᠰᠣᠩᠭᠤᠵᠤ᠂ ᠱᠢ ᠲᠠᠢ ᠹᠧᠩ᠂ ᠸᠠᠩ ᠯᠢ ᠰᠢᠶᠠ᠂ ᠮᠧᠩ ᠹᠠᠨ ᠯᠢ᠂ ᠯᠢᠦ ᠱᠤᠸᠠᠩ᠂ ᠶᠠᠩ ᠸᠧᠢ ᠳ᠋ᠦᠩ᠂ ᠪᠣᠣ ᠭᠠᠩ᠂ ᠵᠧᠩ ᠬᠤᠩ ᠹᠠᠨ᠂ ᠳ᠋ᠢᠩ ᠰᠢᠦ ᠹᠧᠩ᠂ ᠮᠧᠩ ᠰᠢᠶᠠᠨ ᠳ᠋ᠦᠩ᠂ ᠶᠠᠩ ᠰᠢᠶᠤᠤ ᠺᠠᠩ᠂ ᠬᠤᠸᠠᠩ ᡁᠢ ᠴᠢᠶᠠᠩ᠂ ᠬᠦᠤᠳᠠᠭᠤᠯᠠ᠂ ᠢᠤᠢ ᠯᠢ ᠰᠢᠨ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠢᠶᠠᠷ ᠰᠤᠩᠭᠤᠪᠠ        ᠱᠢ ᠲᠠᠢ ᠹᠧᠩ ᠬᠤᠷᠠᠯ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ        11 ᠰᠠᠷ᠎ᠠ ᠶᠢᠨ 30 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠪᠦᠭᠦᠳᠡ ᠬᠤᠷᠠᠯ ᠬᠥᠬᠡᠬᠤᠲᠠ ᠳᠤ ᠬᠤᠷᠠᠯᠳᠤᠪᠠ᠃        ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠨᠠᠶᠢᠳᠠᠯᠭ᠎ᠠ ᠪᠠᠷ ᠬᠤᠷᠠᠯ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠭᠡᠰᠢᠭᠦᠨ᠂ ᠣᠷᠣᠯᠠᠭᠴᠢ ᠭᠡᠰᠢᠭᠦᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ ᠬᠤᠷᠠᠯ ᠳᠤ ᠰᠤᠯᠠ ᠣᠷᠣᠯᠴᠠᠪᠠ᠃        ᠪᠦᠭᠦᠳᠡ ᠬᠤᠷᠠᠯ ᠠᠴᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠪᠦᠭᠦᠳᠡ ᠬᠤᠷᠠᠯ ᠤᠨ ᠰᠣᠩᠭᠤᠭᠤᠯᠢ ᠶᠢᠨ ᠠᠷᠭ᠎ᠠ︾ ᠪᠣᠯᠤᠨ ᠪᠢᠯᠧᠲ ᠬᠢᠨᠠᠭᠴᠢ ᠶᠢᠨ ᠨᠡᠷᠡᠰ ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠪᠣᠯᠤᠨ ᠱᠦᠵᠢ᠂ ᠳᠡᠳ᠋ ᠱᠦᠵᠢ ᠶᠢ ᠰᠣᠩᠭᠤᠨ ᠭᠠᠷᠭᠠᠪᠠ᠃        ᠪᠦᠭᠦᠳᠡ ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠩᠬᠠᠳᠤᠭᠠᠷ ᠪᠦᠭᠦᠳᠡ ᠬᠤᠷᠠᠯ ᠤᠨ ᠰᠣᠩᠭᠤᠭᠤᠯᠢ ᠶᠢᠨ ᠦᠷ᠎ᠡ ᠳ᠋ᠦᠩ ᠤᠨ ᠮᠡᠳᠡᠭᠦᠯᠦᠯᠳᠡ ᠶᠢ ᠪᠠᠳᠤᠯᠠᠪᠠ᠃        ᠰᠢᠨ᠎ᠡ ᠪᠠᠷ ᠰᠣᠩᠭᠤᠭᠳᠠᠭᠰᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠱᠢ ᠲᠠᠢ ᠹᠧᠩ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠠᠬᠢ ᠥᠪᠥᠷ ᠮᠣᠩᠭᠤᠯ ᠤᠨ ᠴᠢᠬᠤᠯᠠ ᠶᠡᠭᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ︽ᠬᠤᠶᠠᠳᠤᠭᠠᠷ ᠵᠠᠭᠤᠨ ᠵᠢᠯ︾ ᠤᠨ ᠡᠬᠢᠯᠡᠯᠲᠡ ᠶᠢᠨ ᠱᠠᠲᠤᠨ ᠤ ᠬᠠᠷᠠᠯᠲᠠ ᠡᠭᠦᠷᠭᠡ ᠶᠢ ᠲᠣᠳᠣᠷᠬᠠᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠵᠠᠢ᠃ ᠰᠢᠨ᠎ᠡ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠡᠭᠦᠷᠢᠳᠡ ᠬᠤᠶᠢᠷᠭᠤᠰᠢᠬᠤ ᠦᠭᠡᠢ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠤᠴᠠᠯᠲᠠ ᠦᠭᠡᠢ ᠲᠡᠮᠡᠴᠡᠬᠦ ᠣᠪᠣᠷ ᠪᠠᠶᠢᠳᠠᠯ ᠢᠶᠠᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠨᠠᠮ ᠪᠣᠯᠤᠨ ᠠᠷᠠᠳ ᠲᠦᠮᠡᠨ ᠳᠤ ᠬᠠᠨᠤᠮᠵᠢᠳᠠᠢ ᠪᠦᠭᠡᠳ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃        ᠱᠢ ᠲᠠᠢ ᠹᠧᠩ᠂ ᠬᠠᠷᠢᠴᠠᠯᠠᠰᠢᠭᠦᠢ ᠦᠨᠡᠨᠴᠢ ᠰᠢᠳᠤᠷᠭᠤ ᠤᠯᠤᠰ ᠲᠥᠷᠥ ᠶᠢᠨ ᠬᠡᠪ ᠰᠤᠷᠲᠠᠯ ᠢ ᠢᠮᠠᠭᠲᠠ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠪᠣᠯᠤᠨ ᠦᠢᠯᠡᠳᠦᠯᠭᠡᠲᠦ ᠴᠢᠨᠠᠷ ᠤᠨ ᠱᠠᠭᠠᠷᠳᠠᠯᠭ᠎ᠠ ᠶᠢ ᠰᠡᠳᠭᠢᠯ ᠵᠢᠷᠦᠬᠡᠨ ᠳᠡᠭᠡᠨ ᠰᠢᠩᠭᠡᠭᠡᠨ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠠᠷ ᠬᠠᠮᠤᠭ ᠤᠨ ᠳᠡᠭᠡᠳᠦ ᠤᠯᠤᠰ ᠲᠥᠷᠥ ᠶᠢᠨ ᠱᠠᠭᠠᠷᠳᠠᠯᠭ᠎ᠠ᠂ ᠬᠠᠮᠤᠭ ᠤᠨ ᠳᠡᠭᠡᠳᠦ ᠤᠯᠤᠰ ᠲᠥᠷᠥ ᠶᠢᠨ ᠰᠠᠬᠢᠯᠭ᠎ᠠ ᠪᠠᠲᠤ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠥᠬᠡᠢ ᠪᠠᠷᠢᠮᠲᠠᠯᠠᠨ ᠪᠤᠴᠠᠯᠲᠠ ᠥᠬᠡᠢ ᠤᠷᠤᠭᠰᠢᠯᠠᠵᠤ᠂ ᠡᠴᠦᠰ ᠲᠤᠨᠢ ᠲᠤᠯᠲᠠᠯ᠎ᠠ ᠬᠢᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠥᠪᠥᠷ ᠮᠣᠩᠭᠤᠯ ᠳᠤ ᠬᠦᠴᠦᠲᠡᠢ ᠪᠥᠭᠡᠳ ᠪᠦᠲᠦᠮᠵᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃          ᠱᠢ ᠲᠠᠢ ᠹᠧᠩ᠂ ᠠᠷᠠᠳ ᠤᠨ ᠲᠥᠯᠥᠭᠡ ᠵᠢᠳᠭᠦᠬᠦ ᠦᠨᠡᠨᠴᠢ ᠪᠣᠷᠣᠭᠵᠢᠭᠤᠨ ᠬᠠᠶᠢᠷ᠎ᠠ ᠰᠡᠳᠭᠢᠯᠭᠡ ᠶᠢ ᠢᠮᠠᠭᠲᠠ ᠪᠠᠷᠢᠮᠲᠠᠯᠠᠵᠤ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯᠤᠨ ᠦᠨᠳᠦᠰᠦᠨ ᠵᠣᠷᠢᠯᠲᠠ ᠶᠢ ᠭᠤᠶᠢᠪᠢᠰᠢ ᠦᠭᠡᠢ ᠦᠢᠯᠡᠳᠦᠯᠭᠡᠵᠢᠭᠦᠯᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠠᠵᠢᠯ ᠤᠨ ᠪᠦᠲᠦᠮᠵᠢ᠂ ᠬᠠᠮᠤᠭ ᠤᠨ ᠦᠨᠳᠦᠰᠦᠨ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠣᠨᠢᠨ ᠳᠡᠭᠡᠷ᠎ᠡ ᠨᠢ ᠪᠠᠶᠢᠯᠭᠠᠬᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠳ ᠣᠯᠠᠨ ᠯᠤᠭ᠎ᠠ ᠶᠢᠨ ᠮᠢᠬ᠎ᠠ ᠴᠢᠰᠤᠨ ᠤ ᠪᠠᠷᠢᠯᠳᠤᠯᠭ᠎ᠠ ᠶᠢ ᠢᠮᠠᠭᠳᠠ ᠪᠠᠷᠢᠮᠲᠠᠯᠠᠵᠤ᠂ ᠣᠯᠠᠨ ᠲᠦᠮᠡᠨ ᠤ ᠪᠠᠴᠢᠮ ᠬᠦᠴᠢᠷ ᠵᠣᠪᠠᠨᠢᠯ ᠬᠦᠰᠡᠯ ᠤᠨ ᠠᠰᠠᠭᠤᠳᠠᠯ ᠢ ᠰᠢᠢᠳᠪᠦᠷᠢᠯᠡᠬᠦ ᠶᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠠᠷᠠᠳ ᠤᠨ ᠠᠮᠢᠳᠤᠷᠠᠯ ᠤᠨ ᠬᠦᠴᠢᠷ ᠲᠦᠪᠡᠭ ᠲᠠᠢ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠ ᠡᠭᠦᠷᠭᠡ ᠪᠠᠨ ᠪᠣᠯᠭᠠᠵᠤ᠂ ᠦᠨᠡᠨ ᠰᠡᠳᠭᠢᠯ ᠠᠴᠠ ᠪᠠᠨ ᠣᠯᠠᠨ ᠲᠦᠮᠡᠨ ᠢ ᠬᠦᠨᠳᠦᠳᠭᠡᠵᠦ᠂ ᠣᠯᠠᠨ ᠲᠦᠮᠡᠨ ᠢ ᠬᠠᠶᠢᠷᠠᠯᠠᠵᠤ᠂ ᠣᠯᠠᠨ ᠲᠦᠮᠡᠨ ᠳᠤ ᠠᠴᠢ ᠬᠠᠷᠢᠭᠤᠯᠵᠤ᠂ ᠥᠨᠢ ᠡᠭᠦᠷᠢᠳᠡ ᠦᠨᠡᠨᠴᠢ ᠰᠢᠳᠤᠷᠭᠤ ᠠᠷᠠᠳ ᠲᠦᠮᠡᠨ ᠤ ᠦᠢᠯᠡᠴᠢᠯᠡᠭᠴᠢ ᠪᠣᠯᠬᠤ ᠬᠡᠷᠡᠭᠲᠡᠢ ᠭᠡᠵᠤ ᠴᠢᠬᠤᠯᠠᠴᠢᠯᠠᠵᠠᠢ᠃        ᠱᠢ ᠲᠠᠢ ᠹᠧᠩ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢ ᠢᠮᠠᠭᠲᠠ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠵᠢᠯ ᠬᠢᠵᠦ ᠦᠢᠯᠡᠰ ᠪᠣᠰᠬᠠᠬᠤ ᠬᠠᠷᠢᠭᠤᠴᠠᠯᠭᠠᠲᠤ ᠰᠡᠳᠭᠢᠯᠭᠡ᠂ ᠴᠠᠭ ᠪᠢᠳᠡᠨ ᠢ ᠬᠦᠯᠢᠶᠡᠬᠦ ᠦᠭᠡᠢ ᠲᠤᠯᠭᠠᠮ ᠰᠡᠳᠭᠢᠯᠭᠡ᠂ ᠤᠷᠤᠭᠰᠢᠯᠠᠬᠤ ᠦᠭᠡᠢ ᠪᠣᠯ ᠤᠬᠤᠷᠢᠬᠤ ᠳᠠᠷᠤᠯᠲᠠ ᠶᠢᠨ ᠲᠥᠷᠥᠭᠳᠡᠯ ᠢᠶᠠᠨ ᠴᠢᠩᠭᠠᠳᠬᠠᠵᠤ᠂ ᠲᠣᠭᠲᠠᠭᠰᠠᠨ ᠬᠠᠷᠠᠯᠲᠠ ᠳᠠᠶᠢᠰᠢ ᠪᠠᠨ ᠯᠠᠪᠳᠠᠭᠤᠨ ᠪᠠᠲᠤᠲᠠᠢ ᠤᠷᠤᠭᠰᠢᠯᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ ᠠᠵᠢᠯ ᠤᠨ ᠬᠠᠨᠳᠤᠯᠭᠠᠲᠤ ᠴᠢᠨᠠᠷ ᠪᠠ ᠦᠷ᠎ᠡ ᠪᠦᠲᠦᠮᠵᠢᠲᠦ ᠴᠢᠨᠠᠷ ᠢ ᠴᠢᠩᠭᠠᠳᠬᠠᠵᠤ᠂ ᠲᠣᠳᠣᠷᠬᠠᠢ ᠬᠠᠷᠠᠯᠲᠠ ᠡᠭᠦᠷᠭᠡ ᠶᠢ ᠲᠡᠷᠡ ᠳᠠᠷᠤᠢ ᠳᠤᠨᠢ ᠬᠡᠷᠡᠭᠵᠢᠭᠦᠯᠵᠦ᠂ ᠲᠣᠭᠲᠠᠭᠠᠭᠰᠠᠨ ᠬᠠᠲᠠᠭᠤ ᠶᠣᠰᠣ ᠳᠦᠷᠢᠮ ᠪᠤᠯᠤᠨ ᠶᠣᠰᠣ ᠵᠢᠷᠤᠮ ᠢ ᠦᠨᠡᠨ ᠬᠦ ᠵᠢᠷᠤᠮᠯᠠᠵᠤ᠂ ᠬᠠᠤᠯᠢ ᠰᠠᠬᠢᠯᠭ᠎ᠠ ᠶᠢ ᠵᠢᠷᠤᠮᠯᠠᠭᠰᠠᠨ ᠤᠷᠢᠳᠠᠯ ᠳᠣᠣᠷ᠎ᠠ ᠤᠴᠢᠷ ᠶᠠᠪᠤᠳᠠᠯ ᠢ ᠪᠦᠳᠦᠭᠡᠵᠤ᠂ ᠰᠠᠶᠢᠳᠤᠷ ᠬᠢᠵᠦ᠂ ᠰᠠᠶᠢᠬᠠᠨ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃        ᠱᠢ ᠲᠠᠢ ᠹᠧᠩ᠂ ᠪᠦᠯᠬᠦᠮᠳᠡᠨ ᠲᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠮᠠᠭᠲᠠ ᠪᠠᠷᠢᠮᠲᠠᠯᠠᠵᠤ᠂ ᠡᠯ᠎ᠡ ᠬᠦᠷᠢᠶ᠎ᠡ ᠴᠠᠷᠠᠭ᠎ᠠ ᠶᠢᠨ ᠡᠯ᠎ᠡ ᠲᠠᠯ᠎ᠠ ᠶᠢᠨ ᠠᠵᠢᠯ ᠢ ᠰᠢᠨ᠎ᠡ ᠲᠦᠪᠰᠢᠨ ᠳᠤ ᠬᠦᠷᠭᠡᠬᠦ ᠪᠠᠷ ᠴᠢᠷᠮᠠᠶᠢᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠬᠠᠮᠲᠤ ᠪᠠᠷ ᠡᠭᠦᠷᠭᠡᠯᠡᠬᠦ᠂ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠣᠯᠳᠠᠬᠤᠶ᠎ᠠ ᠪᠡᠷᠬᠡ ᠠᠵᠠ ᠲᠣᠬᠢᠶᠠᠯ ᠢ ᠬᠤᠪᠢ ᠳᠠᠬᠢᠨ ᠨᠠᠨᠳᠢᠩᠨᠠᠵᠤ᠂ ᠨᠠᠮᠴᠢ ᠴᠢᠨᠠᠷ ᠤᠨ ᠵᠠᠷᠴᠢᠮ ᠢ ᠪᠠᠷᠢᠮᠲᠠᠯᠠᠭᠰᠠᠨ ᠰᠠᠭᠤᠷᠢᠨ ᠳᠡᠭᠡᠷ᠎ᠡ ᠪᠦᠯᠬᠦᠮᠳᠡᠯ ᠢ ᠨᠢᠮᠪᠠᠢ ᠬᠠᠮᠠᠭᠠᠯᠠᠵᠤ᠂ ᠤᠬᠠᠮᠰᠠᠷ ᠠᠴᠠ ᠪᠠᠨ ᠪᠦᠯᠬᠦᠮᠳᠡᠯ ᠢᠶᠠᠨ ᠴᠢᠩᠭᠠᠳᠬᠠᠵᠤ᠂ ᠪᠦᠯᠬᠦᠮᠳᠡᠯ ᠢᠶᠠᠨ ᠠᠬᠢᠭᠤᠯᠬᠤ ᠶᠢ ᠳᠠᠶᠢᠴᠢᠯᠠᠬᠤ ᠬᠡᠷᠡᠭᠲᠡᠢ᠃ ᠬᠤᠪᠢᠷᠠᠯᠲᠠ ᠶᠢ ᠲᠠᠨᠢᠵᠤ ᠬᠤᠪᠢᠷᠠᠭᠤᠯᠬᠤ ᠪᠠ ᠬᠤᠪᠢᠷᠠᠬᠤ ᠶᠢᠨ ᠳᠤᠮᠳᠠ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠠᠭᠤᠴᠢᠨ ᠢ ᠣᠷᠬᠢᠨ ᠰᠢᠨ᠎ᠡ ᠶᠢ ᠡᠭᠦᠳᠴᠦ᠂ ᠪᠦᠬᠦ ᠨᠡᠶᠢᠭᠡᠮ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠬᠦ ᠬᠡᠷᠡᠭᠲᠡᠢ᠃ ᠡᠷᠬᠡ ᠪᠣᠯ ᠬᠠᠷᠢᠭᠤᠴᠠᠯᠭ᠎ᠠ ᠮᠥᠨ᠂ ᠠᠵᠢᠯ ᠤᠨ ᠪᠠᠶᠢᠷᠢ ᠪᠣᠯ ᠡᠭᠦᠷᠭᠡ ᠮᠥᠨ ᠭᠡᠳᠡᠭ ᠢ ᠪᠠᠲᠤ ᠴᠡᠭᠡᠵᠢᠯᠡᠵᠦ᠂ ᠵᠣᠷᠢᠭᠲᠠᠢ ᠪᠠᠷ ᠡᠭᠦᠷᠭᠡᠯᠡᠬᠦ ᠰᠠᠶᠢᠨ ᠳᠦᠷᠰᠦ ᠪᠠᠶᠢᠳᠠᠯ᠂ ᠴᠢᠳᠠᠮᠠᠭᠠᠢ ᠪᠠᠷ ᠠᠵᠢᠯᠯᠠᠬᠤ ᠵᠢᠩᠬᠢᠨᠢ ᠴᠢᠳᠠᠪᠤᠷᠢ ᠪᠠᠷ ᠢᠶᠠᠨ ᠡᠯ᠎ᠡ ᠵᠦᠢᠯ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃        ᠱᠢ ᠲᠠᠢ ᠹᠧᠩ᠂ ᠠᠷᠢᠭᠤᠨ ᠴᠢᠬᠡᠴᠢ ᠤᠯᠤᠰ ᠲᠥᠷᠥ ᠶᠢᠨ ᠣᠣᠷ ᠴᠢᠨᠠᠷ ᠢᠶᠠᠨ ᠢᠮᠠᠭᠲᠠ ᠪᠠᠷᠢᠮᠲᠠᠯᠠᠵᠤ᠂ ᠤᠬᠠᠮᠰᠠᠷ ᠠᠴᠠ ᠪᠠᠨ ᠲᠥᠪ ᠰᠤᠷᠲᠠᠯ ᠲᠠᠢ᠂ ᠠᠷᠢᠭᠤᠨ ᠴᠢᠬᠡᠴᠢ ᠶᠢᠨ ᠬᠡᠪ ᠳᠠᠭᠤᠷᠢᠶᠠᠯ ᠪᠣᠯᠬᠤ ᠬᠡᠷᠡᠭᠲᠡᠢ᠃ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠡᠯ᠎ᠡ ᠵᠦᠢᠯ ᠤᠨ ᠬᠢᠨᠠᠯᠲᠠ ᠲᠠᠯᠪᠢᠬᠤ ᠳᠦᠷᠢᠮ ᠢ ᠳᠠᠶᠢᠴᠢᠯᠠᠨ ᠬᠡᠷᠡᠭᠵᠢᠭᠦᠯᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠᠷᠢᠮᠵᠢᠶ᠎ᠠ ᠶᠢ ᠤᠬᠠᠮᠰᠠᠷ ᠠᠴᠠ ᠪᠠᠨ ᠲᠤᠭᠤᠰᠢᠯᠠᠭᠤᠯᠵᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠰᠠᠬᠢᠵᠤ᠂ ᠡᠷᠬᠡ ᠪᠠᠨ ᠲᠥᠪ ᠭᠤᠣᠯᠴᠢ᠂ ᠬᠠᠤᠯᠢ ᠶᠣᠰᠣᠭᠠᠷ᠂ ᠠᠷᠢᠭᠤᠨ ᠴᠢᠬᠡᠴᠢ ᠪᠠᠷ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠢᠯᠵᠡᠷᠡᠯ ᠢ ᠴᠢᠩᠭ᠎ᠠ ᠰᠢᠢᠳᠭᠡᠬᠦ ︽ᠱᠤᠷᠠᠭ︾ ᠢ ᠨᠡᠩ ᠴᠢᠩᠭ᠎ᠠ ᠮᠤᠰᠭᠢᠵᠤ᠂ ︽ᠭᠤᠷᠪᠠᠨ ᠦᠯᠦ︾ ᠶᠢ ᠨᠢᠭᠡ ᠴᠤᠭᠴᠠ ᠪᠠᠷ ᠠᠬᠢᠭᠤᠯᠬᠤ ᠪᠦᠭᠡᠨᠡᠷᠡᠯ ᠦᠢᠯᠡᠳᠦᠯ ᠢ ᠨᠡᠩ ᠭᠦᠢᠴᠡᠳ ᠪᠠᠳᠠᠷᠠᠭᠤᠯᠵᠤ᠂ ᠪᠦᠬᠦ ᠣᠷᠣᠨ ᠤ ᠤᠯᠤᠰ ᠲᠥᠷᠥ ᠶᠢᠨ ᠠᠮᠢ ᠠᠬᠤᠢ ᠶᠢ ᠪᠦᠬᠦ ᠲᠠᠯ᠎ᠠ ᠪᠠᠷ ᠳᠠᠬᠢᠨ ᠴᠣᠭᠴᠠᠯᠠᠵᠤ᠂ ᠦᠨᠳᠦᠰᠦᠨ ᠠᠴᠠ ᠨᠢ ᠰᠠᠶᠢᠵᠢᠷᠠᠭᠤᠯᠬᠤ ᠶᠢ ᠲᠦᠷᠭᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠬᠠᠮᠤᠭ ᠤᠨ ᠰᠡᠭᠦᠯ ᠳᠤ᠂ ᠱᠢ ᠲᠠᠢ ᠹᠧᠩ᠂ ᠰᠢᠨ᠎ᠡ ᠤᠳᠤᠷᠢᠳᠬᠤ ᠪᠠᠭ ᠰᠢᠨ᠎ᠡ ᠳᠦᠷᠰᠦ ᠪᠠᠶᠢᠳᠠᠯ ᠲᠠᠢ ᠪᠠᠶᠢᠬᠤ ᠬᠡᠷᠡᠭᠲᠡᠢ᠂ ᠰᠢᠨ᠎ᠡ ᠠᠶᠠᠨ ᠵᠠᠮ ᠳᠤ ᠰᠢᠨ᠎ᠡ ᠵᠢᠳᠭᠦᠯ ᠴᠢᠷᠮᠠᠶᠢᠯᠭ᠎ᠠ ᠭᠠᠷᠭᠠᠬᠤ ᠶᠢ ᠤᠷᠢᠶᠠᠯᠠᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠮᠡᠭᠡᠶᠢᠯᠡᠨ ᠤᠷᠤᠭᠰᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠯᠢᠳᠡᠭ ᠠᠮᠵᠢᠯᠲᠠ ᠪᠦᠳᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ ᠭᠡᠵᠤ ᠴᠢᠬᠤᠯᠠᠴᠢᠯᠠᠵᠠᠢ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号