ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2021/12/1
           ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠴᠤᠴᠠᠯᠲᠠ ᠦᠭᠡᠢ ᠤᠷᠤᠭᠰᠢᠯᠠᠵᠥ ᠡᠴᠤᠰ ᠲᠤᠨᠢ ᠳᠤᠯᠳᠠᠯ᠎ᠠ ᠲᠦᠢᠯᠪᠦᠷᠢᠳᠠᠢ ᠬᠢᠵᠥ ᠦᠷᠭᠦᠯᠵᠢᠯᠡᠨ ᠲᠡᠮᠡᠴᠡᠬᠦ ᠶᠠᠪᠤᠴᠠ ᠳᠠᠭᠠᠨ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠬᠦᠵᠥ ᠥᠪᠥᠷ ᠮᠣᠩᠭᠤᠯ ᠤᠨ ᠴᠤᠭ ᠵᠢᠪᠬᠤᠭ᠎ᠠ ᠪᠠᠨ ᠪᠠᠳᠠᠷᠠᠭᠤᠯᠤᠨ᠎ᠠ        ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠲᠡᠭᠦᠰᠪᠡ        ᠰᠢᠨ᠎ᠡ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠰᠣᠩᠭᠤᠨ ᠭᠠᠷᠭᠠᠪᠠ        ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠢᠯᠡᠳᠭᠡᠯ ᠤᠨ ᠲᠤᠬᠠᠢ ᠰᠢᠢᠳᠪᠦᠷᠢ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠲᠤᠯᠠᠪᠠ        11 ᠰᠠᠷ᠎ᠠ ᠶᠢᠨ 30 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠠᠴᠠ ᠰᠢᠨ᠎ᠡ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠰᠣᠩᠭᠤᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠢᠯᠡᠳᠬᠡᠯ ᠤᠨ ᠲᠤᠬᠠᠶ ᠰᠢᠶ᠋ᠳᠪᠦᠷᠢ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ ᠰᠢᠶ᠋ᠳᠪᠦᠷᠢ ᠶᠢ ᠪᠠᠲᠤᠯᠠᠭᠰᠠᠨ ᠤ ᠳᠠᠷᠠᠭ᠎ᠠ᠂ ᠬᠥᠬᠡᠬᠤᠲᠠ ᠳᠤ ᠠᠮᠵᠢᠯᠲᠠ ᠲᠠᠢ ᠲᠡᠭᠦᠰᠪᠡ᠃        ᠱᠢ ᠲᠠᠢ ᠹᠧᠩ ᠲᠡᠭᠦᠰᠭᠦ ᠶᠡᠭᠡ ᠬᠤᠷᠠᠯ ᠢ ᠡᠷᠬᠢᠯᠡᠪᠡ᠃        ᠶᠡᠭᠡ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 668 ᠬᠥᠮᠦᠨ᠂ ᠣᠨᠴᠠ ᠤᠷᠢᠭᠰᠠᠨ ᠲᠥᠯᠥᠭᠡᠯᠡᠭᠴᠢ 2 ᠬᠥᠮᠦᠨ ᠪᠤᠢ᠂ ᠤᠴᠢᠷ ᠶᠠᠪᠤᠳᠠᠯ ᠪᠠ ᠡᠪᠡᠳᠴᠢᠨ ᠠᠴᠠ ᠪᠣᠯᠵᠤ ᠴᠢᠯᠥᠭᠡ ᠭᠤᠶᠤᠭᠰᠠᠨ ᠨᠢ 18 ᠬᠥᠮᠦᠨ᠂ ᠪᠣᠳᠠᠲᠠᠶ ᠤᠷᠤᠯᠴᠠᠭᠰᠠᠨ ᠨᠢ 652 ᠬᠥᠮᠦᠨ ᠪᠠᠶᠢᠵᠤ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠪᠡ        ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠱᠢ ᠲᠠᠢ ᠹᠧᠩ᠂ ᠸᠠᠩ ᠯᠢ ᠰᠢᠶᠠ᠂ ᠯᠢᠨ ᠱᠤᠤ ᠴᠦᠨ᠂ ᠮᠧᠩ ᠹᠠᠨ ᠯᠢ᠂ ᠯᠢᠦ ᠱᠤᠸᠠᠩ᠂ ᠶᠠᠩ ᠸᠧᠢ ᠳ᠋ᠦᠩ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠪᠣᠣ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠠ ᠴᠢᠩ ᠯᠸᠢ ᠂ ᠮᠧᠩ ᠰᠢᠶᠠᠨ ᠳ᠋ᠦᠩ᠂ ᠯᠢ ᠯᠢ᠂ ᠾᠧ ᠸᠧᠢ ᠬᠤᠸᠠ᠂ ᠲᠠᠩ ᠢ᠂ ᠳᠠᠶᠢᠴᠢᠨ᠂ ᠪᠣᠣ ᠭᠦᠸᠧ ᠴᠢᠤᠸᠠᠨ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠳ ᠲᠤ ᠪᠠᠰᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠥᠮᠦᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠳᠡᠳ᠋ ᠡᠷᠬᠢᠯᠡᠭᠴᠢ ᠷᠧᠨ ᠶᠠ ᠫᠢᠩ᠂ ᠠᠬᠠᠮᠠᠳ ᠨᠥᠬᠦᠷ ᠸᠠᠩ ᠵᠢᠶᠦ᠋ᠨ ᠪᠣᠯᠤᠨ ᠪᠤᠰᠤᠳ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠰᠠᠭᠠᠳᠠᠪᠠ᠃        ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠰᠤᠯᠠ ᠣᠷᠣᠯᠴᠠᠭᠰᠠᠳ ᠸᠢᠳᠢᠣ᠋ ᠬᠡᠯᠪᠡᠷᠢ ᠪᠠᠷ ᠬᠤᠷᠠᠯ ᠳᠤ ᠣᠷᠣᠯᠴᠠᠵᠠᠢ᠃        ᠲᠡᠭᠦᠰᠭᠦ ᠶᠡᠭᠡ ᠬᠤᠷᠠᠯ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠵᠦ᠂ ᠬᠤᠷᠠᠯ ᠠᠴᠠ ᠨᠡᠷ᠎ᠡ ᠲᠡᠮᠳᠡᠭᠯᠡᠬᠦ ᠦᠭᠡᠢ ᠪᠢᠯᠧᠲ ᠥᠭᠬᠦ ᠠᠷᠭ᠎ᠠ ᠪᠠᠷ ᠰᠣᠩᠭᠤᠭᠤᠯᠢ ᠶᠠᠪᠤᠭᠤᠯᠵᠤ᠂ 83 ᠨᠥᠬᠦᠷ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠭᠡᠰᠢᠭᠦᠨ ᠢᠶᠠᠷ ᠰᠣᠩᠭᠤᠭᠳᠠᠵᠤ᠂ 15 ᠨᠥᠬᠦᠷ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠣᠷᠣᠯᠠᠭᠴᠢ ᠭᠡᠰᠢᠭᠦᠨ ᠢᠶᠠᠷ ᠰᠣᠩᠭᠤᠭᠳᠠᠵᠤ᠂ 45 ᠨᠥᠬᠦᠷ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ ᠢᠶᠠᠷ ᠰᠣᠩᠭᠤᠭᠳᠠᠪᠠ᠃        ᠦᠳᠡ ᠶᠢᠨ ᠡᠮᠦᠨᠡᠬᠢ 11 ᠴᠠᠭ ᠲᠤ ᠲᠡᠭᠦᠰᠭᠦ ᠶᠡᠭᠡ ᠬᠤᠷᠠᠯ ᠡᠬᠢᠯᠡᠪᠡ᠃ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠢᠯᠡᠳᠭᠡᠯ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠶ᠋ᠳᠪᠦᠷᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ︾ ᠶᠢ ᠪᠠᠲᠤᠯᠠᠪᠠ᠃        ᠱᠢ ᠲᠠᠢ ᠹᠧᠩ ᠶᠡᠭᠡ ᠬᠤᠷᠠᠯ ᠲᠡᠭᠦᠰᠭᠦ ᠦᠶ᠎ᠡ ᠳᠤ ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠤᠨ ᠳᠣᠲᠣᠨᠣ ᠬᠠᠯᠠᠮᠵᠢᠯᠠᠯ ᠳᠣᠣᠷ᠎ᠠ᠂ ᠪᠦᠬᠦ ᠲᠥᠯᠥᠭᠡᠯᠡᠭᠴᠢᠳ ᠤᠨ ᠬᠠᠮᠲᠤ ᠶᠢᠨ ᠴᠢᠷᠮᠠᠶᠢᠯᠭ᠎ᠠ ᠪᠠᠷ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠳᠠᠯ ᠦᠭᠡᠢ ᠠᠮᠵᠢᠯᠲᠠ ᠲᠠᠢ ᠲᠡᠭᠦᠰᠭᠦ ᠪᠣᠯᠤᠨ᠎ᠠ᠃ ᠡᠨᠡ ᠤᠳᠠᠭ᠎ᠠ ᠶᠢᠨ ᠶᠡᠭᠡ ᠬᠤᠷᠠᠯ ᠨᠢ ᠦᠨᠡᠨᠴᠢ ᠰᠢᠳᠤᠷᠭᠤ ᠶᠢ ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ ᠤᠯᠤᠰ ᠲᠦᠷᠦ ᠶᠢᠨ ᠱᠠᠭᠠᠷᠳᠠᠯᠭ᠎ᠠ ᠶᠢ ᠢᠮᠠᠭᠲᠠ ᠲᠤᠭᠤᠰᠢᠯᠠᠭᠤᠯᠵᠤ᠂ ᠬᠦᠨᠳᠦ ᠡᠭᠦᠷᠭᠡ ᠶᠢ ᠡᠭᠦᠷᠭᠡᠯᠡᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠢᠮᠠᠭᠲᠠ ᠲᠤᠭᠤᠰᠢᠯᠠᠭᠤᠯᠵᠤ᠂ ᠰᠢᠨ᠎ᠡ ᠵᠠᠮ ᠢᠶᠠᠷ ᠵᠠᠮᠨᠠᠬᠤ᠂ ᠰᠢᠨ᠎ᠡ ᠪᠠᠶᠢᠳᠠᠯ ᠢ ᠡᠭᠦᠳᠬᠦ ᠪᠠᠲᠤ ᠴᠢᠩᠭ᠎ᠠ ᠢᠲᠡᠭᠡᠯ ᠵᠣᠷᠢᠭ ᠢᠶᠠᠷ ᠢᠮᠠᠭᠲᠠ ᠪᠢᠯᠬᠠᠵᠤ᠂ ᠰᠢᠨ᠎ᠠ ᠠᠶᠠᠨ ᠳᠠᠭᠠᠨ ᠲᠠᠬᠢᠨ ᠮᠣᠷᠳᠠᠬᠤ᠂ ᠵᠣᠷᠢᠭᠲᠠᠢ ᠪᠠᠷ ᠵᠠᠮ ᠨᠡᠭᠡᠭᠡᠬᠦ ᠣᠮᠤᠭ ᠵᠣᠷᠢᠭ ᠢᠶᠠᠷ ᠢᠮᠠᠭᠲᠠ ᠲᠡᠭᠦᠯᠳᠡᠷ ᠪᠠᠶᠢᠵᠤ᠂ ᠨᠢᠭᠡ ᠤᠳᠠᠭ᠎ᠠ ᠶᠢᠨ ᠲᠤᠭ ᠢ ᠥᠨᠳᠥᠷ ᠮᠠᠨᠳᠤᠭᠤᠯᠤᠭᠰᠠᠨ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠭᠰᠡᠨ᠂ ᠪᠠᠷᠢᠮᠵᠢᠶ᠎ᠠ ᠲᠠᠢ ᠬᠠᠷᠭᠤᠭᠤᠯᠤᠨ ᠨᠢᠭᠡᠳᠦᠯᠲᠡᠢ ᠪᠠᠶᠢᠬᠤ ᠶᠢ ᠪᠠᠷᠢᠮᠳᠠᠯᠠᠬᠰᠠᠨ ᠶᠡᠭᠡ ᠬᠤᠷᠠᠯ᠂ ᠨᠢᠭᠡ ᠤᠳᠠᠭ᠎ᠠ ᠶᠢᠨ ᠦᠵᠡᠯ ᠰᠠᠨᠠᠭ᠎ᠠ ᠪᠠᠨ ᠨᠢᠭᠡᠳᠭᠡᠭᠰᠡᠨ᠂ ᠬᠦᠴᠦᠨ ᠴᠢᠳᠠᠯ ᠢᠶᠠᠨ ᠨᠢᠭᠲᠠᠷᠠᠭᠤᠯᠤᠭᠰᠠᠨ᠂ ᠵᠠᠮ ᠨᠡᠭᠡᠭᠡᠨ ᠰᠢᠨ᠎ᠡ ᠶᠢ ᠡᠭᠦᠳᠦᠭᠰᠡᠨ ᠶᠡᠭᠡ ᠬᠤᠷᠠᠯ᠂ ᠨᠢᠭᠡ ᠤᠳᠠᠭ᠎ᠠ ᠶᠢᠨ ᠦᠨᠡᠨ ᠢ ᠪᠠᠷᠢᠮᠲᠠᠯᠠᠵᠤ ᠪᠣᠳᠠᠲᠠᠢ ᠶᠢ ᠡᠷᠬᠢᠮᠯᠡᠭᠰᠡᠨ᠂ ᠪᠦᠯᠬᠦᠮᠳᠡᠯ ᠠᠷᠠᠳᠴᠢᠯᠠᠯ ᠲᠠᠢ᠂ ᠰᠤᠷᠲᠠᠯ ᠴᠢᠬᠡᠴᠢ ᠣᠪᠣᠷ ᠲᠥᠪ ᠶᠡᠭᠡ ᠬᠤᠷᠠᠯ ᠪᠣᠯᠵᠠᠢ ᠭᠡᠵᠤ ᠬᠡᠯᠡᠪᠡ᠃        ᠱᠢ ᠲᠠᠢ ᠹᠧᠩ᠂ ᠡᠨᠡ ᠤᠳᠠᠭ᠎ᠠ ᠶᠢᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠨᠢ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠶᠢᠨ ᠨᠠᠨᠳᠢᠨ ᠬᠦᠰᠡᠯ ᠨᠠᠶᠢᠳᠠᠯᠭ᠎ᠠ ᠶᠢ ᠢᠯᠡᠷᠡᠭᠦᠯᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠠᠭᠤᠯᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠪᠣᠯᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠶᠡᠭᠡ ᠬᠤᠷᠠᠯ ᠠᠴᠠ ᠲᠣᠭᠲᠠᠭᠠᠭᠰᠠᠨ ᠠᠤᠭ᠎ᠠ ᠬᠠᠷᠠᠯᠲᠠ ᠲᠡᠶᠢᠰᠢ ᠡᠷᠡᠮᠡᠬᠡᠶᠢᠯᠡᠨ ᠤᠷᠤᠭᠰᠢᠯᠠᠵᠤ᠂ ᠲᠤᠮᠤ ᠠᠯᠬᠤᠮ ᠢᠶᠠᠷ ᠤᠷᠤᠭᠰᠢᠯᠠᠵᠤ᠂ ᠵᠢᠷᠤᠭ ᠲᠥᠰᠦᠪ ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠠᠯᠤᠰ ᠤᠨ ᠲᠥᠰᠦᠪ ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠦᠢᠯᠡᠳᠦᠯᠭᠡᠵᠢᠭᠦᠯᠵᠦ᠂ ᠨᠠᠮ ᠤᠨ ᠲᠥᠪ ᠬᠤᠷᠢᠶᠠᠨ ᠤ ᠵᠠᠷᠯᠢᠭ ᠢ ᠡᠷᠡᠰ ᠳᠠᠭᠠᠵᠤ᠂ ᠨᠠᠮ ᠤᠨ ᠲᠥᠪ ᠬᠤᠷᠢᠶᠠᠨ ᠤ ᠵᠢᠯᠣᠭᠤᠳᠣᠯᠭ᠎ᠠ ᠶᠢ ᠳᠠᠭᠠᠵᠤ᠂ ᠨᠠᠮ ᠤᠨ ᠪᠦᠯᠬᠦᠮᠳᠡᠯ ᠨᠢᠭᠡᠳᠦᠯ ᠢ ᠡᠷᠡᠰ ᠬᠠᠮᠠᠭᠠᠯᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ ᠪᠠᠶᠢᠬᠤ ᠪᠠ ᠴᠠᠭᠠᠷᠠᠭᠰᠠᠨ ᠪᠠᠶᠢᠬᠤ ᠪᠠᠷ ᠡᠯ᠎ᠡ ᠵᠦᠢᠯ ᠤᠨ ᠠᠵᠢᠯ ᠦᠢᠯᠡᠰ ᠤᠨ ᠤᠷᠤᠭᠰᠢᠲᠠᠶ ᠠᠭᠢᠵᠤ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠷᠭᠡ ᠬᠠᠷᠢᠭᠤᠴᠠᠯᠭ᠎ᠠ ᠪᠠᠨ ᠤᠬᠠᠵᠤ ᠮᠡᠳᠡᠨ ᠡᠭᠦᠷᠭᠡᠯᠡᠵᠦ᠂ ︽ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂ ᠶᠡᠭᠡ ᠲᠠᠯ᠎ᠠ ᠠᠴᠠ ᠪᠣᠳᠣᠯᠬᠢᠯᠠᠨ ᠠᠵᠢᠯᠯᠠᠬᠤ ᠶᠢ ᠪᠠᠷᠢᠮᠲᠠᠯᠠᠵᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ ᠨᠡᠩ ᠪᠠᠳᠤ ᠴᠢᠩᠭ᠎ᠠ ᠤᠬᠠᠮᠰᠠᠷ ᠢᠶᠠᠷ᠂ ᠨᠠᠩ ᠡᠷᠡᠰ ᠰᠢᠭᠤᠷᠬᠠᠶ ᠡᠭᠦᠷᠭᠡᠯᠡᠨ ᠭᠦᠢᠴᠡᠳᠬᠡᠬᠦ ᠬᠡᠷᠡᠭᠲᠡᠶ᠂ ᠤᠯᠤᠰ ᠤᠨ ᠡᠨᠧᠷᠭᠢ ᠶᠢᠨ ᠠᠮᠤᠷ ᠲᠦᠪᠰᠢᠨ ᠪᠠ ᠠᠮᠤ ᠪᠤᠳᠠᠭᠠᠨ ᠤ ᠠᠮᠤᠷ ᠲᠦᠪᠰᠢᠨ ᠤ ᠠᠵᠤ ᠦᠢᠯᠡᠰ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠨ ᠭᠦᠢᠴᠡᠳᠭᠡᠬᠦ ᠬᠡᠷᠡᠭᠲᠡᠢ᠂ ᠤᠯᠤᠰ ᠠᠴᠠ ᠡᠷᠭᠢᠨ ᠲᠣᠭᠤᠷᠢᠨ ᠪᠠ ᠭᠠᠳᠠᠭᠠᠳᠤ ᠨᠡᠭᠡᠭᠡᠯᠲᠡ ᠶᠢ ᠪᠣᠳᠣᠯᠬᠢᠯᠠᠬᠤ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠨ ᠭᠦᠶ᠋ᠴᠡᠳᠭᠡᠬᠦ ᠬᠡᠷᠡᠭᠲᠡᠶ᠂ ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠨ ᠭᠦᠢᠴᠡᠳᠬᠡᠬᠦ ᠬᠡᠷᠡᠭᠲᠡᠶ᠂ ᠡᠬᠡ ᠤᠯᠤᠰ ᠤᠨ ᠤᠮᠠᠷᠠᠲᠤ ᠬᠢᠯᠢ ᠶᠢ ᠰᠠᠬᠢᠨ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠨ ᠭᠦᠢᠴᠡᠳᠬᠡᠬᠦ ᠬᠡᠷᠡᠭᠲᠡᠶ᠃ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠤᠯᠤᠰ ᠲᠦᠷᠦ ᠶᠢᠨ ᠤᠳᠤᠷᠢᠳᠤᠮᠵᠢ ᠪᠣᠯᠤᠨ ᠦᠷᠳᠡᠭ ᠤᠨ ᠬᠥᠭᠡᠭᠡᠴᠡᠯᠳᠦᠯ ᠢᠶᠠᠨ ᠪᠠᠲᠤᠳᠬᠠᠵᠤ᠂ ᠠᠵᠤ ᠠᠬᠤᠢ ᠶᠢᠨ ᠬᠥᠭᠵᠢᠯᠲᠡ ᠶᠢ ᠡᠬᠢ ᠪᠠᠶᠠᠯᠢᠭ ᠲᠤ ᠲᠦ᠋ᠰᠢᠭᠯᠡᠬᠦ ᠬᠡᠯᠪᠡᠷᠢ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠡᠯᠪᠡᠷᠢ ᠲᠡᠶᠢᠰᠢ ᠬᠤᠪᠢᠷᠠᠭᠤᠯᠬᠤ᠂ ᠪᠦᠳᠦᠭᠦᠯᠢᠭ ᠦᠨᠲᠦᠷ ᠨᠡᠭᠦᠷᠡᠰᠦᠲᠥ᠋ᠷᠥᠭᠴᠢᠲᠦ ᠬᠡᠯᠪᠡᠷᠢ ᠠᠴᠠ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠡᠯᠪᠡᠷᠢ ᠲᠡᠶᠢᠰᠢ ᠬᠤᠪᠢᠷᠠᠭᠤᠯᠬᠤ᠂ ᠲᠠᠷᠠᠬᠠᠢ ᠪᠤᠲᠠᠷᠬᠠᠢ ᠦᠷ᠎ᠡ ᠠᠰᠢᠭ ᠳᠣᠣᠷ᠎ᠠ ᠬᠡᠯᠪᠡᠷᠢ ᠠᠴᠠ ᠡᠷᠴᠢᠮᠯᠢᠭ ᠥᠨᠳᠥᠷ ᠪᠦᠲᠦᠮᠵᠢᠲᠡᠢ ᠬᠡᠯᠪᠡᠷᠢ ᠲᠡᠶᠢᠰᠢ ᠬᠤᠪᠢᠷᠠᠭᠤᠯᠬᠤ ᠶᠢ ᠪᠠᠷᠢᠮᠳᠠᠯᠠᠨ ᠠᠬᠢᠭᠤᠯᠵᠤ᠂ ᠮᠡᠳᠡᠬᠦᠢ ᠬᠢᠬᠦᠢ ᠶᠢ ᠨᠢᠭᠡᠳᠭᠡᠬᠦ᠂ ᠢᠮᠠᠭᠲᠠ ᠠᠳᠠᠯᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠰᠢᠷᠭᠠᠭᠤ ᠬᠠᠲᠠᠭᠤᠵᠢᠯᠲᠠᠶ ᠠᠵᠢᠯᠯᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠨᠢᠭᠡᠳ ᠨᠢᠭᠡ ᠪᠠᠷ ᠰᠢᠪᠲᠤᠯᠤᠯᠲᠠ ᠭᠠᠷᠭᠠᠵᠤ᠂ ᠨᠢᠭᠡᠳ ᠨᠢᠭᠡ ᠪᠠᠷ ᠪᠣᠭᠤᠮᠲᠠ ᠰᠢᠪᠲᠤᠯᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ︽ᠬᠤᠶᠠᠷ ᠬᠠᠯᠬᠠᠪᠴᠢ︾ ᠶᠢ ᠨᠠᠩ ᠪᠠᠲᠤ ᠪᠠᠬᠢ ᠪᠣᠯᠭᠠᠵᠤ᠂ ︽ᠬᠤᠶᠠᠷ ᠰᠠᠭᠤᠷᠢᠨ︾ ᠤ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠵᠦ᠂ ︽ᠨᠢᠭᠡ ᠪᠠᠬᠢᠯᠡᠯᠲᠡ︾ ᠶᠢᠨ ᠦᠶ᠋ᠯᠡᠳᠦᠯ ᠢ ᠭᠦᠢᠴᠡᠳ ᠢᠯᠡᠷᠡᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢ ᠴᠢᠬᠤᠯᠠ ᠶᠡᠭᠡ ᠠᠯᠬᠤᠴᠠ ᠲᠠᠢ ᠪᠤᠯᠭᠠᠬᠤ ᠬᠡᠷᠡᠭᠲᠡᠶ᠃ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠠᠭᠤᠤ ᠦᠢᠯᠡᠰ ᠢ ᠴᠣᠭᠴᠠᠯᠠᠨ᠂ ᠢᠮᠠᠭᠲᠠ ᠠᠷᠠᠳ ᠲᠦᠮᠡᠨ ᠢ ᠳᠡᠭᠡᠳᠦᠯᠡᠬᠦ᠂ ᠠᠷᠠᠳ ᠲᠦᠮᠡᠨ ᠳᠤ ᠨᠢᠭᠲᠠ ᠲᠦᠰᠢᠭᠯᠡᠬᠦ᠂ ᠠᠷᠠᠳ ᠲᠦᠮᠡᠨ ᠳᠤ ᠲᠠᠰᠤᠷᠠᠯᠳᠠ ᠦᠭᠡᠢ ᠪᠤᠶᠠᠨ ᠦᠢᠯᠡᠳᠬᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠬᠦ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠵᠦ᠂ ᠠᠯᠬᠤᠮ ᠨᠢᠭᠡᠲᠡᠢ ᠪᠠᠷ ᠠᠵᠢᠯ ᠦᠢᠯᠡᠰ ᠢᠶᠠᠨ ᠰᠠᠶᠢᠳᠤᠷ ᠬᠢᠬᠦ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠬᠠᠮᠢᠶᠠᠷᠴᠤ᠂ ᠵᠤᠬᠰᠤᠰᠢ ᠦᠭᠡᠢ ᠤᠷᠤᠭᠰᠢᠯᠠᠬᠤ ᠬᠤᠷᠴᠠ ᠰᠡᠷᠭᠡᠭ ᠲᠠᠷᠢᠬᠢ ᠲᠤᠯᠤᠭᠠᠢ ᠪᠠ ᠡᠷᠡᠰ ᠪᠠᠲᠤ ᠪᠠᠶᠢᠬᠤ ᠵᠤᠷᠢᠭ ᠢ ᠢᠮᠠᠭᠲᠠ ᠪᠠᠲᠤᠯᠠᠵᠤ᠂ ︽ᠲᠦᠷᠪᠡᠨ ᠰᠤᠷᠲᠠᠯ︾ ᠢ ᠥᠴᠦᠬᠡᠨ ᠴᠦ ᠰᠤᠯᠠᠷᠠᠭᠤᠯᠤᠯ ᠦᠭᠡᠢ ᠵᠠᠯᠠᠷᠠᠭᠤᠯᠤᠨ ᠵᠠᠰᠠᠵᠤ᠂ ᠥᠴᠦᠬᠡᠨ ᠴᠦ ᠢᠯᠳᠠᠷ ᠬᠠᠶᠠᠬᠤ ᠦᠭᠡᠢ ᠪᠠᠷ ᠢᠯᠵᠠᠷᠠᠯ ᠢ ᠵᠠᠯᠬᠠᠭᠠᠨ ᠰᠢᠢᠳᠭᠡᠵᠦ᠂ ᠬᠤᠣᠷᠲᠤ ᠬᠠᠪᠤᠳᠠᠷ ᠢ ᠡᠷᠡᠰ ᠠᠷᠢᠯᠭᠠᠵᠤ᠂ ᠬᠤᠣᠷᠲᠤ ᠡᠬᠢ ᠶᠢ ᠠᠷᠢᠯᠭᠠᠨ᠂ ᠦᠯᠡᠳᠡᠭᠳᠡᠯ ᠬᠤᠣᠷ ᠨᠥᠯᠥᠭᠡ ᠶᠢ ᠠᠷᠢᠯᠭᠠᠵᠤ᠂ ᠠᠰᠢᠭᠲᠠᠢ ᠪᠠᠶᠢᠳᠠᠯ ᠢ ᠠᠰᠢᠭᠯᠠᠨ ᠤᠷᠤᠭᠰᠢᠯᠠᠵᠤ᠂ ᠨᠢᠭᠡ ᠯᠡ ᠠᠮᠢᠰᠬᠤᠭ᠎ᠠ ᠪᠠᠷ ᠥᠪᠥᠷ ᠮᠣᠩᠭᠤᠯ ᠤᠨ ᠤᠯᠤᠰ ᠲᠦᠷᠦ ᠶᠢᠨ ᠠᠮᠢ ᠠᠬᠤᠢ ᠶᠢ ᠪᠦᠬᠦ ᠲᠠᠯ᠎ᠠ ᠪᠠᠷ ᠲᠠᠬᠢᠨ ᠴᠣᠭᠴᠠᠯᠠᠵᠤ᠂ ᠦᠨᠳᠦᠰᠦᠨ ᠠᠴᠠ ᠨᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃        ᠱᠢ ᠲᠠᠢ ᠹᠧᠩ᠂ ᠬᠥᠭᠵᠢᠯ ᠪᠠᠳᠠᠷᠠᠯ ᠲᠠᠢ ᠴᠠᠭ ᠦᠶ᠎ᠡ ᠲᠤᠬᠢᠶᠠᠯᠲᠤᠭᠰᠠᠠ ᠳᠤ ᠪᠠᠶᠠᠷᠯᠠᠵᠤ᠂ ᠬᠥᠭᠵᠢᠯ ᠪᠠᠳᠠᠷᠠᠯ ᠲᠠᠢ ᠴᠠᠭ ᠦᠶ᠎ᠡ ᠳᠤ ᠣᠰᠣᠯᠳᠠᠵᠦ ᠦᠯᠦ ᠪᠤᠯᠤᠨ᠎ᠠ︔ ᠡᠭᠦᠷᠭᠡ ᠬᠠᠷᠢᠭᠤᠴᠠᠯᠭ᠎ᠠ ᠮᠥᠷᠥᠨ ᠳᠡᠭᠡᠷ᠎ᠡ ᠪᠠᠶᠢᠨ᠎ᠠ ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠵᠦ ᠦᠯᠦ ᠪᠤᠯᠤᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠪᠠᠶᠢᠭᠤᠯᠤᠬᠰᠠᠨ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠮᠡᠬᠡᠶᠢᠯᠡᠨ ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠲᠡᠮᠡᠴᠡᠯ ᠢᠶᠠᠷ ᠢᠶᠠᠨ ᠭᠤᠶᠢᠳᠠ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠵᠦ᠂ ᠪᠣᠳᠠᠲᠠᠢ ᠠᠵᠢᠯᠯᠠᠭ᠎ᠠ ᠪᠠᠷ ᠢᠶᠠᠨ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠨᠡᠩ ᠢᠲᠡᠭᠡᠯ ᠲᠡᠭᠦᠯᠳᠡᠷ᠂ ᠨᠡᠩ ᠢᠳᠡᠷᠭᠡᠭ ᠠᠯᠬᠤᠭ᠎ᠠ ᠪᠠᠷ ᠢᠶᠠᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃        ᠶᠡᠭᠡ ᠬᠤᠷᠠᠯ ᠨᠢ ᠰᠦᠷ ᠵᠢᠪᠬᠤᠭᠠᠲᠠᠢ ︽ᠢᠨᠲ᠋ᠧᠷᠨᠠᠼᠢᠣᠨᠠᠯ ᠤᠨ ᠳᠠᠭᠤᠤ︾ ᠶᠢᠨ ᠳᠤᠮᠳᠠ ᠠᠮᠵᠢᠯᠲᠠ ᠲᠠᠢ ᠲᠡᠭᠦᠰᠴᠠᠢ᠃        
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号