2021 ᠣᠨ ᠤ ᠵᠠᠰᠠᠭ ᠤᠨ ᠣᠷᠳᠤᠨ ᠤ ᠠᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2021/12/1
- 2021 ᠣᠨ ᠤ 3 ᠰᠠᠷ᠎ᠠ ᠶᠢᠨ 2  ᠤᠨ ᠡᠳᠦᠷ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠡᠭᠡᠷ᠎ᠡ ᠲᠤᠭᠤᠷᠢᠭ ᠤᠨ ᠳᠠᠷᠤᠭ᠎ᠠ    ᠯᠢᠨ ᠵᠢᠩ ᠬᠤᠸᠠᠲᠦᠯᠦᠭᠡᠯᠡᠭᠴᠢᠳ ᠡ᠄  ᠤᠳᠤ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠤᠯᠪᠠᠦ᠂ ᠲᠡᠭᠦᠨᠴᠢᠯᠡᠨ ᠲᠣᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠳᠤᠷᠠᠳᠤᠭᠠᠷᠠᠢ᠃        ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠡᠷᠭᠢᠴᠡᠭᠦᠯᠦᠯ        2020 ᠣᠨ ᠪᠣᠯ ᠨᠢᠭᠡᠨ ᠡᠭᠡᠯ ᠪᠤᠰᠤ ᠵᠢᠯ ᠶᠣᠮ᠃ ᠪᠤᠳᠤᠯᠢᠶᠠᠨᠲᠠᠢ ᠬᠤᠷᠸ᠎ᠠ ᠠᠵᠣ ᠠᠬᠤᠢ ᠶᠢᠨ ᠬᠠᠨᠳᠤᠰᠢ ᠪᠠ ᠬᠦᠴᠢᠷ ᠲᠦᠪᠡᠭ ᠲᠠᠢ ᠦᠭᠡᠷᠡᠴᠢᠯᠡᠯᠲᠡ ᠬᠦᠭᠵᠢᠭᠦᠯᠦᠯᠲᠡ ᠶᠢᠨ ᠡᠭᠦᠷᠭᠡ ᠳᠤᠤᠷ᠎ᠠ᠂ ᠣᠨᠴᠠᠭᠠᠶᠢᠯᠠᠨ ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠨᠤᠴᠢᠲᠠᠢ ᠴᠤᠬᠢᠯᠲᠠ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢ ᠪᠠᠶᠢᠷᠢᠯᠠᠭᠤᠯᠤᠯᠲᠠ ᠶᠢ ᠭᠦᠨᠵᠡᠭᠡᠢ ᠲᠣᠭᠤᠰᠢᠯᠠᠭᠤᠯᠵᠤ᠂ ᠦᠪᠡᠷᠲᠡᠭᠡᠨ ᠵᠠᠰᠠᠬᠤ ᠣᠷᠤᠨ᠂ ᠤᠯᠠᠭᠠᠨᠬᠠᠳᠠ ᠬᠤᠲᠠ ᠪᠤᠯᠤᠨ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠳᠡᠪᠬᠢᠲᠡᠢ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢ ᠨᠢᠭᠡᠲᠦᠯᠲᠡᠢ ᠲᠦᠯᠦᠪᠵᠢᠭᠦᠯᠵᠦ᠂ ︽ᠵᠢᠷᠭᠤᠭᠠᠨ ᠲᠤᠭᠲᠠᠭᠤᠨ︾ ᠤ ᠠᠵᠢᠯ ᠢ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠰᠡᠷᠭᠦᠯᠲᠡ ᠶᠢᠨ ᠬᠠᠨᠳᠤᠰᠢ ᠪᠠᠶᠢᠳᠠᠯ ᠤᠷᠢᠳᠴᠢᠯᠠᠨ ᠵᠢᠱᠢᠯᠲᠡ ᠠᠴᠠ ᠰᠠᠶᠢᠨ ᠪᠠᠶᠢᠵᠤ᠂ ᠨᠡᠶᠢᠭᠡᠮ ᠤᠨ ᠶᠡᠭᠡ ᠬᠠᠨᠳᠤᠰᠢ ᠡᠶ᠎ᠡ ᠵᠣᠬᠢᠴᠠᠯᠲᠠᠢ ᠲᠤᠭᠲᠠᠭᠤᠨ ᠪᠠᠶᠢᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠠᠮᠵᠢᠯᠲᠠ ᠲᠠᠢ ᠪᠠᠷ ᠪᠡᠶᠡᠯᠡᠭᠦᠯᠪᠡ᠃ ᠪᠦᠬᠦ ᠵᠢᠯ ᠤᠨ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 298.2 ᠳ᠋ᠦᠩᠰᠢᠭᠤᠷ ᠲᠦᠭᠦᠷᠢᠭ ᠲᠤ ᠬᠦᠷᠴᠦ᠂ 1.9% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠲᠤᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ 101.1 ᠳ᠋ᠦᠩᠰᠢᠭᠤᠷ ᠲᠦᠭᠦᠷᠢᠭ ᠬᠦᠷᠴᠦ᠂ 17.2% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 158 ᠳ᠋ᠦᠩᠰᠢᠭᠤᠷ ᠲᠦᠭᠦᠷᠢᠭ ᠬᠦᠷᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠤᠯᠭ᠎ᠠ 28.6 ᠳ᠋ᠦᠩᠰᠢᠭᠤᠷ ᠲᠦᠭᠦᠷᠢᠭ ᠲᠤ ᠬᠦᠷᠴᠦ᠂ 6% ᠪᠠᠷ ᠨᠡᠮᠡᠭᠳᠡᠪᠡ᠃ ᠬᠤᠲᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠡᠵᠡᠮᠳᠡᠵᠦ ᠪᠤᠯᠠᠬᠤᠶᠢᠴᠠ ᠣᠷᠤᠯᠭ᠎ᠠ ᠲᠤᠰᠪᠤᠷᠢ 38959 ᠲᠦᠭᠦᠷᠢᠭ ᠪᠠ 23148 ᠲᠦᠭᠦᠷᠢᠭ ᠬᠦᠷᠴᠦ᠂ ᠲᠤᠰᠪᠤᠷᠢ 2% ᠪᠠ 8.6% ᠪᠠᠷ ᠨᠡᠮᠡᠭᠳᠡᠪᠡ᠃ ᠨᠢᠭᠡ ᠵᠢᠯ ᠤᠨ ᠲᠤᠷᠰᠢ ᠪᠢᠳᠡ ᠭᠤᠤᠯᠳᠠᠭᠤ ᠳᠤᠤᠷᠠᠬᠢ ᠠᠵᠢᠯ ᠢ ᠬᠢᠪᠡ᠄        ︵ᠨᠢᠭᠡ︶ ᠰᠢᠨ᠎ᠡ ᠲᠢᠲᠡᠮᠯᠢᠭ ᠠᠭᠤᠰᠬᠢᠨ ᠦᠷᠪᠢᠰᠦᠯ ᠢ ᠪᠦᠬᠦ ᠬᠦᠴᠦᠨ ᠢᠶᠠᠷ ᠢᠶᠠᠨ ᠡᠰᠡᠷᠭᠦᠴᠡᠪᠡ᠃ ᠠᠷᠠᠳ ᠲᠦᠮᠡᠨ ᠢ ᠳᠡᠭᠡᠳᠦᠯᠡᠨ᠂ ᠠᠮᠢ ᠨᠠᠰᠤ ᠶᠢ ᠳᠡᠭᠡᠳᠦᠯᠡᠵᠦ᠂ ᠪᠠᠴᠢᠮ ᠠᠴᠠ ᠠᠪᠤᠷᠠᠬᠤ ᠶᠢ ᠴᠠᠭ ᠲᠤᠬᠠᠢ ᠳᠤ ᠨᠢ ᠳᠠᠶᠢᠴᠢᠯᠠᠬᠤ ᠪᠠ ᠲᠣᠬᠢᠷᠠᠭᠤᠯᠵᠤ᠂ ᠲᠦᠷᠦᠯ ᠬᠤᠪᠢᠶᠠᠨ ᠣᠨᠤᠪᠴᠢᠲᠠᠢ ᠡᠵᠡᠮᠳᠡᠬᠦ ᠠᠷᠭ᠎ᠠ ᠪᠤᠳᠤᠯᠭ᠎ᠠ ᠠᠪᠴᠤ᠂ ᠴᠢᠩᠭ᠎ᠠ ᠬᠠᠮᠢᠶᠠᠷᠤᠨ ᠡᠵᠡᠮᠳᠡᠬᠦ ᠠᠷᠭ᠎ᠠ ᠠᠪᠴᠠᠯ ᠢ ᠡᠷᠡᠰ ᠬᠡᠷᠡᠭᠵᠢᠭᠦᠯᠵᠦ᠂ ᠬᠢᠵᠢᠭ ᠲᠠᠷᠬᠠᠬᠤ ᠶᠢ ᠪᠦᠲᠦᠮᠵᠢᠲᠡᠢ ᠬᠤᠷᠢᠭᠯᠠᠪᠠ᠃ ᠨᠠᠮ ᠤᠨ ᠪᠠᠶᠢᠭᠤᠯᠤᠯᠲᠠ ᠶᠢᠨ ᠬᠤᠯᠪᠤᠭᠠᠲᠤ ᠴᠤᠭᠴᠠ ᠶᠢᠨ ᠬᠠᠮᠵᠢᠯᠴᠠᠨ ᠨᠢᠭᠲᠠᠷᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ 153 ᠬᠢᠵᠢᠭ ᠤᠨ ᠪᠠᠶᠢᠳᠠᠯ ᠢ ᠡᠵᠡᠮᠳᠡᠬᠦ ᠨᠠᠮ ᠤᠨ ᠭᠡᠰᠢᠭᠦᠳ ᠤᠨ ᠰᠢᠪᠲᠤᠯᠤᠯᠲᠠ ᠶᠢᠨ ᠠᠩᠭᠢ ᠶᠢ ᠪᠠᠶᠢᠭᠤᠯᠵᠤ᠂ 4000 ᠢᠯᠡᠬᠦᠦ ᠨᠠᠮ ᠤᠨ ᠭᠡᠰᠢᠭᠦᠨ ᠺᠠᠳ᠋ᠷ ᠡᠮᠦᠨ᠎ᠡ ᠹᠷᠤᠨᠲ ᠲᠤ ᠭᠠᠪᠰᠢᠭᠠᠶᠢᠯᠠᠵᠤ᠂ ᠡᠮ ᠡᠮᠨᠡᠯᠭᠡ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ᠂ ᠲᠤᠲᠤᠭᠠᠲᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠰᠠᠶᠢᠨ ᠳᠤᠷᠠᠴᠤᠳ ᠠᠶᠤᠯ ᠪᠡᠷᠬᠡ ᠠᠴᠠ ᠠᠶᠤᠬᠤ ᠦᠭᠡᠢ᠂ ᠡᠮᠦᠨ᠎ᠡ ᠹᠷᠤᠨᠲ ᠢ ᠪᠠᠲᠤ ᠰᠠᠬᠢᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠯᠠᠭᠤᠨ ᠰᠡᠳᠬᠢᠯ ᠢᠶᠠᠷ ᠡᠳ᠋ ᠪᠤᠳᠠᠰ ᠵᠤᠭᠤᠰ ᠮᠦᠩᠭᠦ ᠬᠠᠨᠳᠢᠪᠯᠠᠵᠤ᠂ ᠲᠣᠭᠤᠷᠢᠭ ᠤᠨ ᠺᠠᠳ᠋ᠷ ᠤᠯᠠᠨ ᠲᠦᠮᠡᠨ ᠬᠠᠮᠵᠢᠯᠴᠠᠨ ᠬᠠᠪᠰᠤᠷᠤᠯᠴᠠᠵᠤ᠂ ᠬᠢᠵᠢᠭ ᠤᠨ ᠰᠡᠷᠭᠡᠶᠢᠯᠡᠯᠲᠡ ᠶᠢᠨ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠬᠢᠵᠢᠭ ᠢ ᠰᠡᠷᠭᠡᠶᠢᠯᠡᠬᠦ ᠠᠭᠤᠤ ᠶᠡᠭᠡ ᠵᠣᠷᠢᠭ ᠰᠠᠨᠠᠭ᠎ᠠ ᠶᠢ ᠢᠯᠡᠷᠡᠭᠦᠯᠪᠡ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠳᠤ ︽ᠳᠦᠷᠪᠡᠨ ᠡᠷᠲᠡ︾ ᠶᠢᠨ ᠠᠷᠭ᠎ᠠ ᠬᠡᠮᠵᠢᠶ᠎ᠡ ᠠᠪᠴᠤ᠂ ᠠᠩᠬᠠᠨ ᠤ ᠤᠨᠤᠰᠢᠯᠠᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠂ ᠤᠷᠢᠳᠴᠢᠯᠠᠨ ᠪᠠᠶᠢᠴᠠᠭᠠᠬᠤ ᠰᠠᠯᠪᠤᠷᠢ ᠡᠮᠴᠢᠯᠡᠭᠡᠨ ᠤ ᠴᠡᠭ᠂ ᠬᠠᠯᠠᠭᠤᠷᠠᠬᠤ ᠶᠢ ᠰᠡᠷᠭᠡᠶᠢᠯᠡᠬᠦ ᠡᠭᠦᠳᠡᠨ ᠡᠮᠨᠡᠯᠭᠡ ᠪᠠ ᠲᠤᠰᠬᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠲᠠᠯᠠᠪᠤᠷ ᠢ ᠴᠠᠭ ᠲᠤᠬᠠᠢ ᠳᠤᠨᠢ ᠦᠭᠡᠷᠡᠴᠢᠯᠡᠨ ᠪᠠᠶᠢᠭᠤᠯᠵᠤ᠂  ᠪᠦᠭᠡᠮ ᠬᠦᠴᠢᠯ ᠤᠨ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠢ ᠪᠠᠶᠢᠭᠤᠯᠵᠤ ᠠᠰᠢᠭᠯᠠᠨ᠂ ᠪᠠᠶᠢᠴᠠᠭᠠᠬᠤ ᠶᠤᠰᠤᠲᠠᠢ ᠶᠢ ᠪᠦᠬᠦᠨ ᠢ ᠪᠠᠶᠢᠴᠠᠭᠠᠵᠤ᠂ ᠰᠠᠬᠢᠬᠤ ᠶᠤᠰᠤᠲᠠᠢ ᠶᠢ ᠪᠠᠲᠤ ᠰᠠᠬᠢᠨ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠲᠤᠲᠤᠯᠠᠭᠰᠠᠨ ᠡᠪᠡᠳᠴᠢᠨ ᠤ ᠵᠢᠱᠢᠶ᠎ᠡ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠪᠠ᠃ ᠪᠠᠶᠢᠩᠭᠤᠵᠢᠭᠰᠠᠨ ᠬᠢᠵᠢᠭ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠦᠷᠭᠦᠯᠵᠢᠯᠡᠨ ᠪᠦᠷᠢᠨᠰᠢᠭᠦᠯᠵᠦ᠂ ᠡᠮᠴᠢᠯᠡᠭᠡᠨ ᠤ ᠡᠳ᠋ ᠪᠤᠳᠠᠰ ᠤᠨ ᠪᠠᠴᠢᠮ ᠢ ᠠᠷᠭᠠᠴᠠᠬᠤ ᠨᠦᠭᠡᠴᠡ ᠶᠢᠨ ᠬᠠᠩᠭᠠᠯᠲᠠᠲᠠᠢ ᠪᠠᠶᠢᠬᠤ ᠶᠢ ᠪᠠᠲᠤᠯᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠢ ᠡᠷᠡᠰ ᠪᠠᠲᠤᠯᠠᠪᠠ᠃︵ᠬᠤᠶᠠᠷ︶ ᠨᠠᠷᠢᠯᠢᠭ ᠤᠨᠤᠪᠴᠢᠲᠠᠢ ᠠᠷᠭ᠎ᠠ ᠠᠪᠴᠠᠯ ᠢᠶᠠᠷ ᠠᠵᠤ ᠠᠬᠤᠢ ᠶᠢᠨ ᠨᠡᠮᠡᠭᠳᠡᠯ ᠢ ᠲᠤᠭᠲᠠᠭᠤᠨ ᠠᠬᠢᠭᠤᠯᠪᠠ ︵ᠭᠤᠷᠪᠠ︶ ᠬᠦᠴᠦᠨ ᠢᠶᠠᠨ ᠲᠦᠪᠯᠡᠷᠡᠭᠦᠯᠦᠨ ᠰᠢᠨ᠎ᠡ ᠶᠢ ᠡᠬᠦᠳᠴᠦ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠪᠠ᠃︵ᠳᠦᠷᠪᠡ︶  ᠪᠤᠳᠠᠲᠤ ᠦᠷ᠎ᠡ ᠠᠰᠢᠭ ᠢ ᠴᠢᠬᠤᠯᠠᠴᠢᠯᠠᠨ ᠦᠭᠡᠷᠡᠴᠢᠯᠡᠯᠲᠡ ᠨᠡᠭᠡᠭᠡᠯᠲᠡ ᠶᠢ ᠠᠬᠢᠭᠤᠯᠪᠠ᠃︵ᠲᠠᠪᠤ︶ ᠲᠤᠲᠤᠭᠠᠳᠤ ᠭᠠᠳᠠᠭᠠᠳᠤ ᠶᠢ ᠬᠠᠷᠢᠯᠴᠠᠨ ᠤᠶᠠᠯᠳᠤᠭᠤᠯᠤᠨ ᠲᠤᠬᠢᠯᠢᠭ ᠣᠷᠴᠢᠨ ᠢ ᠪᠦᠲᠦᠭᠡᠨ ᠪᠠᠶᠢᠭᠤᠯᠪᠠ᠃︵ᠵᠢᠷᠭᠤᠭ᠎ᠠ︶ ᠤᠯᠠᠨ ᠠᠷᠭ᠎ᠠ ᠠᠪᠴᠠᠯ ᠢᠶᠠᠷ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠭᠦᠯᠪᠡ᠃︵ᠳᠤᠯᠤᠭ᠎ᠠ︶ ᠬᠠᠤᠯᠢ ᠶᠤᠰᠤᠭᠠᠷ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠨ ᠠᠬᠢᠭᠤᠯᠪᠠ᠃ᠲᠦᠯᠦᠭᠡᠯᠡᠭᠴᠢᠳ ᠡ᠂ 2020 ᠣᠨ ᠳᠤ ᠡᠯ᠎ᠡ ᠲᠦᠷᠦᠯ ᠤᠨ ᠠᠵᠢᠯ ᠳᠤᠪᠤᠶᠢᠮ᠎ᠠ ᠠᠮᠵᠢᠯᠲᠠ ᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠪᠡ᠃ ᠲᠠᠪᠤᠨ ᠵᠢᠯ ᠤᠨ ᠲᠤᠷᠰᠢ ᠪᠢᠳᠡ ᠬᠦᠴᠦᠨ ᠢᠶᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠬᠠᠲᠠᠭᠤᠵᠢᠨ ᠤᠷᠤᠭᠰᠢᠯᠠᠵᠤ᠂ ᠴᠢᠬᠤᠯᠠ ᠶᠡᠭᠡ ᠳᠠᠪᠠᠯᠲᠠ ᠶᠢ ᠪᠡᠶᠡᠯᠡᠭᠦᠯᠦᠨ᠂ ᠴᠢᠬᠤᠯᠠ ᠶᠡᠭᠡ ᠠᠮᠵᠢᠯᠲᠠ ᠶᠢ ᠣᠯᠪᠠ᠃ᠬᠤᠶᠠᠷ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠣᠯ ᠬᠠᠷᠠᠯᠲᠠ ᠡᠭᠦᠷᠭᠡ ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠦᠮ ᠤᠨ ᠣᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠥᠲᠦᠭᠡᠨ ᠪᠠᠶᠢᠭᠤᠯᠬᠤ ᠰᠢᠨ᠎ᠡ ᠠᠶᠠᠨ ᠤ ᠡᠬᠢᠯᠡᠯᠲᠡ ᠶᠢᠨ ᠲᠠᠪᠤᠨ ᠵᠢᠯ ᠪᠣᠯᠤᠨ᠎ᠠ᠂
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号