︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ︽︿ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠭᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢ﹀ ᠶᠢᠨ ᠲᠤᠬᠠᠢ ᠲᠣᠳᠣᠷᠬᠠᠶᠢᠯᠠᠯᠲᠠ︾ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2021/12/1
           ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 30 ᠤ ᠴᠠᠬᠢᠯᠭᠠᠨ ᠮᠡᠳᠡᠭᠡ 12 ᠰᠠᠷ᠎ᠠ ᠶᠢᠨ 1 ᠤ ᠡᠳᠦᠷ ᠬᠡᠪᠯᠡᠭᠳᠡᠭᠰᠡᠨ 23 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽︿ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠭᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢ﹀ ᠶᠢᠨ ᠲᠤᠬᠠᠢ ᠲᠣᠳᠣᠷᠬᠠᠶᠢᠯᠠᠯᠲᠠ︾ ᠶᠢ ᠨᠡᠶᠢᠲᠡᠯᠡᠪᠡ᠃        ᠰᠢ ᠶᠢᠨ ᠫᠢᠩ᠂ ᠮᠠᠨ ᠤ ᠨᠠᠮ ᠲᠡᠦᠬᠡᠨ ᠲᠤᠷᠰᠢᠯᠭ᠎ᠠ ᠶᠢ ᠳ᠋ᠦᠩᠨᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠠᠢ᠃ ᠨᠠᠮ ᠤᠨ ᠲᠥᠪ ᠬᠤᠷᠢᠶ᠎ᠠ ᠶᠢᠨ ᠦᠵᠡᠬᠦ ᠪᠠᠷ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢᠨ ᠴᠢᠬᠤᠯᠠ ᠲᠡᠦᠬᠡᠨ ᠴᠠᠭ ᠮᠥᠴᠡ ᠳᠤ᠂ ᠨᠠᠮ ᠪᠣᠯᠤᠨ ᠠᠷᠠᠳ ᠲᠦᠮᠡᠨ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠢᠯᠠᠯᠳᠠ ᠲᠠᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠤ ᠪᠠᠶᠢᠭ᠎ᠠ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠭᠰᠡᠨ ᠨᠢ᠂ ᠪᠦᠬᠦ ᠨᠠᠮ ᠤᠨ ᠦᠵᠡᠯ ᠰᠠᠨᠠᠭ᠎ᠠ ᠪᠠᠨ ᠨᠢᠭᠡᠳᠭᠡᠬᠦ᠂ ᠵᠣᠷᠢᠭ ᠰᠠᠨᠠᠭ᠎ᠠ ᠪᠠᠨ ᠨᠢᠭᠡᠳᠭᠡᠬᠦ᠂ ᠠᠵᠢᠯᠯᠠᠭ᠎ᠠ ᠪᠠᠨ ᠨᠢᠭᠡᠳᠭᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠠᠭᠤᠤ ᠶᠡᠭᠡ ᠢᠯᠠᠯᠲᠠ ᠶᠢ ᠲᠡᠮᠡᠴᠡᠨ ᠣᠯᠬᠤ ᠳᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠲᠦ ᠶᠢᠨ ᠲᠡᠦᠬᠡᠲᠦ ᠠᠴᠢ ᠬᠤᠯᠪᠣᠭᠳᠠᠯ ᠲᠠᠢ ᠭᠡᠵᠦ ᠵᠢᠭᠠᠵᠤ ᠭᠠᠷᠭᠠᠪᠠ᠃        ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠦᠵᠡᠬᠦ ᠪᠠᠷ᠂ ᠨᠠᠮ ᠤᠨ ᠵᠠᠭᠤᠨ ᠵᠢᠯ ᠤᠨ ᠲᠡᠮᠡᠴᠡᠯ ᠤᠨ ᠶᠠᠪᠤᠴᠠ ᠰᠦᠷ ᠳᠠᠯᠠᠶᠢᠴᠠᠲᠠᠢ᠂ ᠴᠠᠭ ᠬᠤᠭᠤᠴᠠᠭᠠᠨ ᠤ ᠠᠯᠭᠠᠰᠠᠯ ᠤᠷᠳᠤ᠂ ᠬᠤᠯᠪᠣᠭᠳᠠᠬᠤ ᠬᠡᠪᠴᠢᠶ᠎ᠡ ᠥᠷᠭᠡᠨ᠂ ᠰᠤᠳᠤᠯᠬᠤ ᠴᠢᠬᠤᠯᠠᠲᠠᠢ ᠠᠰᠠᠭᠤᠳᠠᠯ ᠤᠯᠠᠨ ᠪᠠᠶᠢᠨ᠎ᠠ᠃ ᠶᠡᠷᠦᠩᠬᠡᠢ ᠳᠤᠨᠢ ᠬᠡᠯᠡᠪᠡᠯ ᠲᠡᠦᠬᠡ ᠶᠢ ᠳ᠋ᠦᠩᠨᠡᠬᠦ᠂ ᠵᠢᠮ᠎ᠡ ᠶᠣᠰᠣ ᠶᠢ ᠡᠵᠡᠮᠳᠡᠬᠦ᠂ ᠢᠲᠡᠭᠡᠯ ᠵᠣᠷᠢᠭ ᠢᠶᠠᠨ ᠪᠠᠲᠤᠳᠬᠠᠬᠤ᠂ ᠢᠷᠡᠭᠡᠳᠦᠢ ᠲᠡᠶᠢᠰᠢ ᠤᠷᠤᠭᠰᠢᠯᠠᠬᠤ ᠱᠠᠭᠠᠷᠳᠠᠯᠭ᠎ᠠ ᠶᠣᠰᠣᠭᠠᠷ᠂ ᠨᠠᠮ ᠤᠨ ᠶᠠᠪᠤᠵᠤ ᠥᠩᠭᠡᠷᠡᠭᠰᠡᠨ ᠭᠡᠷᠡᠯ ᠰᠠᠴᠤᠷᠠᠩᠭᠤᠢ ᠲᠡᠦᠬᠡᠨ ᠥᠩᠭᠡᠷᠡᠯᠲᠡ ᠶᠢ ᠰᠠᠶᠢᠲᠤᠷ ᠳ᠋ᠦᠩᠨᠡᠵᠦ᠂ ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠣᠯᠤᠭᠰᠠᠨ ᠭᠡᠷᠡᠯ ᠰᠠᠴᠤᠷᠠᠩᠭᠤᠢ ᠠᠮᠵᠢᠯᠲᠠ ᠶᠢ ᠰᠠᠶᠢᠲᠤᠷ ᠳ᠋ᠦᠩᠨᠡᠵᠦ᠂ ᠨᠠᠮ ᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢ ᠠᠬᠢᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠰᠠᠶᠢᠲᠤᠷ ᠳ᠋ᠦᠩᠨᠡᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠪᠠ ᠤᠯᠤᠰ ᠤᠨ ᠠᠵᠢᠯ ᠦᠢᠯᠡᠰ ᠤᠨ ᠡᠷᠡᠮᠡᠬᠡᠶᠢᠯᠡᠨ ᠤᠷᠤᠭᠰᠢᠯᠠᠭᠰᠠᠨ ᠤᠨᠤᠯ ᠪᠠ ᠦᠢᠯᠡᠳᠦᠯᠭᠡ ᠶᠢ ᠰᠠᠶᠢᠲᠤᠷ ᠳ᠋ᠦᠩᠨᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃        ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠦᠵᠡᠬᠦ ᠪᠠᠷ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠶᠢ ᠳ᠋ᠦᠩᠨᠡᠬᠦ ᠳᠤ᠂ ᠬᠤᠪᠢᠰᠤᠩᠭᠤᠢ ᠪᠣᠳᠠᠰᠴᠢ ᠦᠵᠡᠯ ᠪᠣᠯᠤᠨ ᠲᠡᠦᠬᠡ ᠶᠢᠨ ᠪᠣᠳᠠᠰᠴᠢ ᠦᠵᠡᠯ ᠤᠨ ᠠᠷᠭ᠎ᠠ ᠶᠢᠨ ᠤᠨᠤᠯ ᠢ ᠪᠠᠷᠢᠮᠲᠠᠯᠠᠵᠤ᠂ ᠵᠥᠪ ᠨᠠᠮ ᠤᠨ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠶᠡᠭᠡ ᠲᠡᠦᠬᠡ ᠶᠢᠨ ᠦᠵᠡᠯᠲᠡ ᠶᠢ ᠪᠤᠢ ᠪᠣᠯᠭᠠᠵᠤ᠂ ᠲᠤᠬ ᠲᠡᠮᠳᠡᠭ ᠲᠣᠳᠣᠷᠬᠠᠢ ᠪᠠᠷ ᠲᠡᠦᠬᠡ ᠶᠢᠨ ᠦᠭᠡᠶᠢᠰᠭᠡᠬᠦ ᠦᠵᠡᠯ ᠢ ᠡᠰᠡᠷᠭᠦᠴᠡᠬᠦ ᠬᠡᠷᠡᠭᠲᠡᠢ ᠭᠡᠵᠦ ᠵᠢᠭᠠᠵᠦ ᠭᠠᠷᠭᠠᠪᠠ᠃        ᠰᠢ ᠶᠢᠨ ᠫᠢᠩ᠂ ᠡᠨᠡ ᠤᠳᠠᠭ᠎ᠠ ᠶᠢᠨ ᠪᠦᠬᠦᠳᠠ ᠬᠤᠷᠠᠯ ᠤᠨ ᠰᠢᠢᠳᠪᠦᠷᠢ ᠶᠢ ᠲᠤᠭᠤᠷᠪᠢᠬᠤ ᠳᠤ᠂ ᠨᠠᠮ ᠤᠨ ᠲᠥᠪ ᠬᠤᠷᠢᠶ᠎ᠠ ᠠᠴᠠ ᠳᠣᠣᠷᠠᠬᠢ ᠬᠡᠳᠦᠨ ᠲᠠᠯ᠎ᠠ ᠶᠢ ᠭᠤᠣᠯᠳᠠᠯᠭ᠎ᠠ ᠲᠠᠢ ᠰᠠᠶᠢᠲᠤᠷ ᠡᠵᠡᠮᠳᠡᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ ᠨᠢᠭᠡᠳᠦᠭᠡᠷ ᠲᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠶᠢ ᠳ᠋ᠦᠩᠨᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠨᠠᠮ ᠤᠨ ᠤᠶᠤᠨ ᠪᠢᠯᠢᠭ ᠢᠶᠠᠨ ᠬᠤᠷᠴᠠᠯᠠᠬᠤ᠂ ᠪᠦᠯᠬᠦᠮᠳᠡᠯ ᠢ ᠠᠬᠢᠭᠤᠯᠬᠤ᠂ ᠢᠲᠡᠭᠡᠯ ᠢ ᠨᠡᠮᠡᠭᠳᠡᠭᠦᠯᠬᠦ᠂ ᠲᠡᠮᠡᠴᠡᠯ ᠤᠨ ᠵᠣᠷᠢᠭ ᠢ ᠴᠢᠩᠭᠠᠳᠬᠠᠬᠤ ᠶᠢ ᠠᠬᠢᠭᠤᠯᠬᠤ ᠬᠡᠷᠡᠭᠲᠡᠢ᠃ ᠬᠤᠶᠠᠳᠤᠭᠠᠷ ᠲᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠭᠡᠬᠦ ᠡᠨᠡ ᠬᠦ ᠭᠤᠣᠯᠳᠠᠯᠭ᠎ᠠ ᠶᠢ ᠲᠣᠪᠤᠶᠢᠯᠭᠠᠨ᠂ ᠪᠥᠬᠦ ᠨᠠᠮ ᠢ ᠬᠥᠳᠥᠯᠥᠨ ᠵᠢᠯᠣᠭᠤᠳᠴᠤ ᠪᠠᠶᠢᠭᠠᠳ ᠢᠲᠡᠭᠡᠯ ᠵᠣᠷᠢᠭ ᠢ ᠨᠢ ᠤᠯᠠᠮ ᠨᠢᠭᠡ ᠠᠯᠬᠤᠮ ᠪᠠᠲᠤᠳᠬᠠᠵᠤ᠂ ᠮᠠᠨ ᠤ ᠶᠠᠭ ᠬᠢᠵᠦ ᠪᠠᠶᠢᠭ᠎ᠠ ᠠᠵᠢᠯ ᠶᠠᠪᠤᠳᠠᠯ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠨᠡᠩ ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠰᠢᠨ᠎ᠡ ᠠᠶᠠᠨ ᠳᠤ ᠲᠠᠪᠰᠢᠨ ᠣᠷᠣᠵᠤ ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠲᠡᠢ᠃ ᠭᠤᠷᠪᠠᠳᠤᠭᠠᠷ ᠲᠤ᠂ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠬᠤᠷᠠᠯ᠂ ᠴᠢᠬᠤᠯᠠ ᠬᠥᠮᠦᠰ ᠢ ᠦᠨᠡᠯᠡᠬᠦ ᠳᠤ ᠨᠠᠮ ᠤᠨ ᠲᠥᠪ ᠬᠤᠷᠢᠶ᠎ᠠ ᠶᠢᠨ ᠳ᠋ᠦᠩᠨᠡᠯᠲᠡ ᠲᠠᠢ ᠠᠪᠴᠠᠯᠳᠤᠭᠤᠯᠬᠤ ᠶᠢ ᠴᠢᠬᠤᠯᠠᠴᠢᠯᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠨ᠎ᠡ ᠲᠠᠨᠢᠯᠲᠠ ᠶᠢ ᠢᠯᠡᠷᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠵᠠᠢ᠃        ᠰᠢ ᠶᠢᠨ ᠫᠢᠩ ᠪᠠᠰᠠ ᠰᠢᠢᠳᠪᠦᠷᠢ ᠶᠢᠨ ᠨᠤᠤᠷᠠᠭ ᠢ ᠲᠤᠭᠤᠷᠪᠢᠭᠰᠠᠨ ᠶᠠᠪᠤᠴᠠ᠂ ᠦᠨᠳᠦᠰᠦᠨ ᠪᠣᠷᠣ ᠲᠥᠯᠥᠪ ᠪᠣᠯᠤᠨ ᠭᠤᠣᠯ ᠠᠭᠤᠯᠭ᠎ᠠ ᠳᠤ ᠲᠣᠳᠣᠷᠬᠠᠶᠢᠯᠠᠯᠲᠠ ᠬᠢᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号