ᠮᠠᠨ ᠤ ᠣᠷᠣᠨ ︽ᠬᠠᠬᠢᠷ ᠡᠪᠦᠯ ᠤᠨ ᠬᠦᠢᠲᠡᠨ ᠳᠤ ᠬᠠᠶᠢᠷ᠎ᠠ ᠬᠠᠯᠠᠮᠵᠢ ᠬᠦᠷᠭᠡᠬᠦ︾ ᠠᠪᠤᠷᠠᠨ ᠲᠤᠰᠠᠯᠠᠬᠤ ᠲᠤᠰᠬᠠᠶ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2021/12/10
             ᠠᠮᠢᠳᠤᠷᠠᠯ ᠨᠢ ᠨᠠᠶᠢᠳᠠᠪᠤᠷᠢ ᠥᠬᠡᠶ ᠲᠡᠨᠦᠭᠦᠯ ᠭᠤᠶᠢᠷᠠᠨᠴᠢᠳ ᠤᠨ ᠦᠨᠳᠦᠰᠦᠨ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠤᠰᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠪᠥᠬᠦ ᠣᠷᠣᠨ ᠤ ᠬᠡᠪᠴᠢᠶᠡᠨ ᠳᠤ ︽ᠬᠠᠬᠢᠷ ᠡᠪᠦᠯ ᠤᠨ ᠬᠦᠢᠲᠡᠨ ᠳᠤ ᠬᠠᠶᠢᠷ᠎ᠠ ᠬᠠᠯᠠᠮᠵᠢ ᠬᠦᠷᠭᠡᠬᠦ︾ ᠲᠤᠰᠬᠠᠶ ᠠᠪᠤᠷᠠᠨ ᠲᠤᠰᠠᠯᠠᠬᠤ ᠠᠵᠢᠯ ᠢ ᠥᠷᠨᠢᠭᠦᠯᠵᠦ᠂ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠦᠰ ᠢ ᠴᠠᠭ ᠲᠤᠬᠠᠶ ᠳᠤ ᠨᠢ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠪᠠ᠃        ᠲᠣᠰ ᠤᠳᠠᠭᠠᠨ ᠤ ᠠᠪᠤᠷᠠᠨ ᠲᠤᠰᠠᠯᠠᠬᠤ ᠲᠤᠰᠬᠠᠶ ᠠᠵᠢᠯᠯᠠᠭ᠎ᠠ ᠨᠢ 2022 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ ᠪᠣᠯᠲᠠᠯ᠎ᠠ ᠦᠷᠭᠦᠯᠵᠢᠯᠡᠨ᠎ᠡ᠃ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠲᠦᠷᠭᠡᠨ ᠠᠷᠭᠠᠴᠠᠭᠠᠵᠤ ᠲᠠᠭᠠᠨ ᠴᠤᠤᠷᠢᠶᠠᠳᠤᠬᠤ ᠪᠡᠯᠡᠳᠬᠡᠯ ᠲᠥᠰᠦᠯ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠬᠤᠲᠠ ᠶᠢᠨ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠨᠡᠶᠢᠭᠡᠮ ᠲᠣᠭᠤᠷᠢᠭ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠵᠡᠭᠡᠯᠢ ᠭᠤᠳᠤᠮᠵᠢ ᠪᠠᠷ ᠲᠣᠭᠤᠷᠢᠨ ᠪᠠᠶᠢᠴᠠᠭᠠᠵᠤ ᠠᠪᠤᠷᠠᠨ ᠲᠤᠰᠠᠯᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠤᠨ ᠣᠴᠢᠬᠤ ᠪᠣᠯᠣᠮᠵᠢ ᠶᠡᠬᠡᠲᠡᠢ ᠣᠷᠣᠨ ᠬᠡᠪᠴᠢᠶᠡᠨ ᠳᠤ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠯᠲᠠ ᠬᠢᠬᠦ ᠪᠠᠷ ᠪᠤᠢ᠃ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠨᠠᠰᠤᠨ ᠳᠤ ᠥᠯᠥ ᠬᠥᠷᠥᠭᠰᠡᠳ᠂ ᠵᠡᠮᠳᠡᠭᠴᠦᠳ᠂ ᠬᠥᠳᠡᠯᠵᠦ ᠪᠠᠷᠢᠬᠤ ᠨᠢ ᠳᠥᠭᠦᠮ ᠦᠭᠡᠢ ᠬᠥᠮᠦᠰ ᠢ ᠴᠠᠭ ᠲᠤᠬᠠᠶ ᠳᠤ ᠨᠢ ᠲᠡᠩᠬᠡᠷᠡᠭᠦᠯᠦᠨ ᠲᠤᠰᠠᠯᠠᠬᠤ ᠪᠠᠶᠢᠭᠤᠯᠤᠮᠵᠢ ᠳᠤ ᠬᠦᠷᠭᠡᠵᠦ ᠠᠪᠤᠷᠠᠨ ᠲᠤᠰᠠᠯᠠᠵᠤ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠦᠨᠳᠦ ᠲᠦᠭᠰᠢᠭᠦᠷᠢᠲᠡᠶ ᠡᠪᠡᠳᠴᠢᠲᠡᠨ ᠪᠣᠯᠤᠨ ᠤᠶᠤᠨ ᠤ ᠰᠠᠭᠠᠳ ᠲᠠᠢ ᠬᠥᠮᠦᠰ ᠢ ᠡᠮᠴᠢᠯᠡᠭᠡᠨ ᠤ ᠪᠠᠶᠢᠭᠤᠯᠤᠮᠵᠢ ᠳᠤ ᠬᠠᠮᠠᠭᠠᠯᠠᠨ ᠬᠦᠷᠭᠡᠵᠦ ᠡᠮᠨᠡᠨ ᠠᠪᠤᠷᠠᠬᠤ ᠪᠠ ᠣᠨᠣᠰᠢᠯᠠᠭᠤᠯᠤᠨ᠎ᠠ᠃ ᠠᠪᠤᠷᠠᠨ ᠲᠤᠰᠠᠯᠠᠯᠲᠠ ᠶᠢ ᠬᠦᠯᠢᠶᠡᠬᠦ ᠳᠤᠷ᠎ᠠ ᠪᠠᠷ ᠠᠨᠠᠢ ᠪᠠᠶᠢᠪᠠᠯ᠂ ᠪᠣᠳᠠᠲᠠᠶ ᠪᠠᠶᠢᠳᠠᠯ ᠢ ᠨᠢ ᠦᠨᠳᠦᠰᠦᠯᠡᠨ ᠬᠦᠢᠳᠡᠠ ᠢ ᠠᠷᠭᠠᠴᠠᠭᠠᠬᠤ ᠴᠢᠬᠤᠯᠠ ᠪᠦᠬᠦᠢ ᠡᠳ᠋ ᠪᠣᠳᠠᠰ᠂ ᠢᠳᠡᠭᠡᠨ ᠤᠮᠳᠠᠭᠠᠨ ᠵᠡᠷᠭᠡ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠨ᠎ᠠ᠃        ᠡᠯ᠎ᠡ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠠ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠥᠷᠥᠯ ᠰᠠᠳᠤᠨ ᠢ ᠨᠢ ᠡᠷᠢᠵᠦ ᠭᠡᠷ ᠲᠤ ᠨᠢ ᠬᠦᠷᠭᠡᠬᠦ᠂ ᠬᠠᠷᠠᠭᠠᠯᠵᠠᠨ ᠦᠢᠯᠡᠴᠢᠯᠡᠬᠦ᠂ ᠲᠦᠷᠭᠡᠨ ᠡᠪᠡᠳᠴᠢᠨ ᠢ ᠡᠮᠨᠡᠨ ᠵᠠᠰᠠᠬᠤ᠂ ᠥᠷᠲᠡᠭᠡᠨ ᠤ ᠭᠠᠳᠠᠨ᠎ᠠ ᠨᠠᠶᠢᠳᠠᠨ ᠠᠰᠠᠷᠠᠬᠤ᠂ ᠠᠮᠤᠷ ᠲᠦᠪᠰᠢᠨ ᠤ ᠬᠠᠮᠢᠶᠠᠷᠤᠯᠲᠠ ᠶᠠᠪᠤᠭᠤᠯᠬᠤ ᠵᠡᠷᠭᠡ ᠲᠠᠯ᠎ᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ 24 ᠴᠠᠭ ᠢᠶᠠᠷ ᠵᠢᠵᠢᠭᠦᠷᠯᠡᠬᠦ ᠲᠦᠷᠢᠮ ᠢ ᠨᠠᠶᠢᠳᠠᠪᠤᠷᠢᠵᠢᠭᠤᠯᠤᠨ᠂ ᠠᠪᠤᠷᠠᠨ ᠲᠤᠰᠠᠯᠠᠬᠤ ᠬᠠᠮᠢᠶᠠᠷᠤᠯᠲᠠ ᠪᠠ ᠨᠠᠶᠢᠳᠠᠨ ᠠᠰᠠᠷᠠᠭᠤᠯᠬᠤ ᠪᠠᠶᠢᠭᠤᠯᠤᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠠᠷᠠᠳ ᠤᠨ ᠳᠤᠮᠳᠠᠬᠢ ᠮᠡᠳᠡᠭᠡ ᠵᠠᠩᠭᠢᠴᠢ᠂ ᠲᠦᠷᠢᠶᠡᠰᠦᠨ ᠮᠠᠰᠢᠨ ᠤ ᠵᠢᠯᠣᠭᠤᠴᠢ᠂ ᠵᠡᠭᠡᠯᠢ ᠴᠡᠪᠡᠷᠯᠡᠭᠴᠢ᠂ ᠰᠥᠨᠢ ᠶᠢᠨ ᠠᠮᠤᠷ ᠢ ᠬᠠᠮᠠᠭᠠᠯᠠᠭᠴᠢ ᠵᠡᠷᠭᠡ ᠬᠠᠯᠠᠭᠤᠨ ᠰᠡᠳᠬᠢᠯᠲᠦ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠠᠪᠤᠷᠠᠨ ᠲᠤᠰᠠᠯᠠᠬᠤ ᠴᠢᠮᠡᠭᠡ ᠵᠠᠩᠭᠢ ᠬᠠᠩᠭᠠᠬᠤ ᠢᠳᠡᠪᠬᠢᠵᠢᠯ ᠢ ᠳᠠᠶᠢᠴᠢᠯᠠᠬᠤ ᠶᠢᠨ ᠬᠠᠮᠲᠤ᠂ ᠪᠥᠬᠦ ᠤᠯᠤᠰ ᠤᠨ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠵᠡᠷᠭᠡ ᠲᠠᠪᠴᠠᠩ ᠢ ᠠᠰᠢᠭᠯᠠᠨ ᠲᠥᠷᠥᠯ ᠰᠠᠳᠤᠨ ᠢ ᠨᠢ ᠡᠷᠢᠬᠦ ᠮᠡᠳᠡᠭᠡ ᠵᠠᠩᠭᠢ ᠶᠢ ᠨᠡᠶᠢᠲᠡᠯᠡᠵᠦ᠂ ᠲᠤᠰᠠᠯᠠᠮᠵᠢ ᠭᠥᠷᠳᠡᠭᠰᠡᠳ ᠤᠨ ᠲᠥᠷᠥᠯ ᠰᠠᠳᠤᠨ ᠢᠶᠠᠨ ᠡᠷᠢᠵᠦ ᠨᠤᠲᠤᠭ ᠲᠤ ᠪᠠᠨ ᠪᠤᠴᠠᠬᠤ ᠳᠤ ᠨᠢ ᠠᠯᠢ ᠲᠦᠷᠭᠡᠨ ᠢᠶᠠᠷ ᠬᠠᠪᠰᠤᠷᠤᠮᠵᠢ ᠦᠵᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号