| | 12 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠮᠠᠨᠵᠤᠤᠷ ᠬᠤᠲᠠ ᠳᠤ ᠪᠣᠭᠤᠮᠲᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ | ᠬᠤᠷᠠᠯᠳᠤᠭᠤᠯᠵᠤ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠨ᠂ ᠨᠥᠭᠦᠭᠡ | ᠲᠠᠯ᠎ᠠ ᠪᠠᠷ ᠡᠷᠭᠢᠴᠡᠭᠦᠯᠦᠨ ᠲᠤᠩᠭᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠭᠠᠳᠠᠨ᠎ᠠ ᠠᠴᠠ ᠬᠠᠯᠳᠠᠪᠤᠷᠢᠯᠠᠨ | ᠣᠷᠣᠵᠤ ᠢᠷᠡᠬᠦ ᠶᠢ ᠰᠡᠷᠭᠡᠶᠢᠯᠡᠬᠦ ᠲᠡᠮᠦᠷ ᠬᠡᠷᠡᠮ ᠪᠣᠯᠣᠳ ᠬᠠᠨ᠎ᠠ ᠶᠢ ᠡᠷᠡᠰ ᠪᠠᠲᠤ ᠴᠣᠭᠴᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠸᠠᠩ ᠯᠢ ᠰᠢᠶᠠ᠂ ᠬᠢᠯᠢ ᠶᠢᠨ ᠪᠣᠭᠤᠮᠲᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ | ᠡᠮᠦᠨᠡᠬᠢ ᠵᠢᠭᠰᠠᠭᠠᠯ ᠤᠨ ᠭᠠᠵᠠᠷ᠂ ᠬᠢᠵᠢᠭ ᠤᠨ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ | ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠮᠥᠨ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ | ᠭᠦᠨᠵᠡᠭᠡᠢ ᠡᠷᠭᠢᠴᠡᠭᠦᠯᠦᠨ ᠲᠤᠩᠭᠠᠵᠤ᠂ ᠨᠠᠷᠢᠨ ᠨᠢᠮᠪᠠᠢ ᠪᠠᠶᠢᠴᠠᠭᠠᠨ ᠳᠡᠯᠭᠡᠵᠦ᠂ ᠠᠯᠳᠠᠭᠳᠠᠯ ᠭᠠᠷᠬᠤ ᠶᠢ | ᠬᠤᠷᠢᠭᠯᠠᠵᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢ ᠪᠦᠲᠦᠭᠡᠨ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠸᠠᠩ ᠯᠢ ᠰᠢᠶᠠ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠰᠠᠶᠢᠲᠤᠷ ᠠᠳᠬᠤᠬᠤ ᠳᠤ᠂ ᠰᠠᠶᠢᠲᠤᠷ ︽ᠲᠤᠰᠠᠭᠠᠷᠯᠠᠵᠤ︾᠂ ᠹᠢᠽᠢᠺ ᠤᠨ ᠠᠷᠭ᠎ᠠ ᠪᠠᠷᠢᠯ ᠢᠶᠠᠷ ᠬᠢᠯᠢ ᠶᠢᠨ | ᠪᠣᠭᠤᠮᠲᠠ ᠶᠢᠨ ᠠᠵᠢᠯᠯᠠᠬᠤ ᠲᠣᠭᠤᠷᠢᠭ ᠪᠣᠯᠣᠨ ᠬᠤᠲᠠ ᠶᠢᠨ ᠠᠮᠢᠳᠤᠷᠠᠯ ᠤᠨ ᠲᠣᠭᠤᠷᠢᠭ ᠢ ᠲᠤᠰᠠᠭᠠᠷᠯᠠᠬᠤ ᠬᠡᠷᠡᠭᠲᠡᠢ | ᠃ ᠰᠠᠶᠢᠲᠤᠷ ︽ᠬᠠᠮᠢᠶᠠᠷᠴᠤ︾᠂ ᠪᠠᠷᠢᠮᠵᠢᠶ᠎ᠠ ᠪᠠ ᠵᠢᠷᠤᠮᠵᠢᠯ ᠶᠣᠰᠣᠭᠠᠷ ᠬᠢᠯᠢ ᠶᠢᠨ ᠪᠣᠭᠤᠮᠲᠠ ᠶᠢᠨ ᠠᠵᠢᠯᠯᠠᠬᠤ | ᠲᠣᠭᠤᠷᠢᠭ ᠤᠨ ᠬᠥᠮᠥᠰ ᠢ ᠨᠢᠭᠡᠳᠦᠯᠲᠡᠢ ᠬᠠᠮᠢᠶᠠᠷᠬᠤ ᠬᠡᠷᠡᠭᠲᠡᠢ᠃ ᠰᠠᠶᠢᠲᠤᠷ ︽ᠬᠠᠷᠠᠵᠤ︾᠂ ᠮᠡᠳᠡᠭᠡ ᠵᠠᠩᠭᠢ ᠶᠢᠨ | ᠠᠷᠭ᠎ᠠ ᠪᠠᠷᠢᠯ ᠢ ᠬᠡᠷᠡᠭᠯᠡᠨ᠂ ᠬᠥᠮᠥᠨ ᠰᠡᠷᠭᠡᠶᠢᠯᠡᠬᠦ ᠪᠠ ᠮᠡᠷᠭᠡᠵᠢᠯ ᠢᠶᠠᠷ ᠰᠡᠷᠭᠡᠶᠢᠯᠡᠬᠦ ᠶᠢ ᠬᠠᠷᠢᠯᠴᠠᠨ ᠤᠶᠠᠯᠳᠤᠭᠤᠯᠵᠤ᠂ | ᠬᠢᠯᠢ ᠶᠢᠨ ᠪᠣᠭᠤᠮᠲᠠ ᠶᠢᠨ ᠠᠵᠢᠯᠯᠠᠬᠤ ᠲᠣᠭᠤᠷᠢᠭ ᠲᠤ ᠬᠢᠨᠠᠯᠲᠠ ᠬᠠᠮᠢᠶᠠᠷᠤᠯᠲᠠ ᠶᠢ ᠪᠦᠬᠦᠨ ᠢ ᠪᠦᠷᠬᠦᠭᠦᠯᠬᠦ ᠶᠢ | ᠬᠡᠷᠡᠭᠵᠢᠭᠦᠯᠬᠦ ᠬᠡᠷᠡᠭᠲᠡᠢ᠃ ᠰᠠᠶᠢᠲᠤᠷ ︽ᠳᠡᠭᠡᠭᠰᠢᠯᠡᠭᠦᠯᠵᠦ︾᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠷᠢᠮᠵᠢᠶ᠎ᠠ᠂ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠠᠷᠢᠮᠵᠢᠶ᠎ᠠ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ | ᠰᠠᠶᠢᠲᠤᠷ ︽ᠰᠡᠷᠭᠡᠶᠢᠯᠡᠵᠦ︾᠂ ᠬᠢᠯᠢ ᠶᠢᠨ ᠪᠣᠭᠤᠮᠲᠠ ᠶᠢᠨ ᠠᠵᠢᠯᠯᠠᠬᠤ ᠲᠣᠭᠤᠷᠢᠭ ᠪᠠ ᠬᠤᠲᠠ ᠶᠢᠨ ᠬᠤᠭᠤᠷᠣᠨᠳᠤ | ᠲᠤᠰᠠᠭᠠᠷᠯᠠᠬᠤ ᠣᠷᠣᠨ ᠢ ᠪᠠᠶᠢᠭᠤᠯᠬᠤ ᠬᠡᠷᠡᠭᠲᠡᠢ᠃ ᠰᠠᠶᠢᠲᠤᠷ ︽ᠴᠢᠩᠭᠠᠷᠠᠭᠤᠯᠵᠤ︾᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠵᠦ ᠰᠢᠢᠳᠪᠦᠷᠢᠯᠡᠬᠦ ᠴᠢᠳᠠᠪᠤᠷᠢ ᠪᠣᠯᠣᠨ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ | ︽ᠨᠢᠭᠡᠳᠦᠯᠲᠡᠢ ᠲᠥᠯᠥᠪᠵᠢᠭᠦᠯᠵᠦ︾᠂ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ | ᠬᠠᠮᠢᠶᠠᠷᠬᠤ᠂ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠰᠡᠷᠭᠡᠶᠢᠯᠡᠨ ᠡᠵᠡᠮᠳᠡᠬᠦ ᠶᠢ ᠬᠠᠮᠢᠶᠠᠷᠬᠤ ᠤᠬᠠᠮᠰᠠᠷ ᠢ | ᠪᠠᠲᠤ ᠪᠤᠢ ᠪᠣᠯᠭᠠᠵᠤ᠂ ᠬᠥᠭᠵᠢᠯᠲᠡ ᠶᠢᠨ ᠠᠷᠭ᠎ᠠ ᠬᠡᠯᠪᠡᠷᠢ᠂ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠣᠨ | ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠭᠠᠷᠮᠠᠭᠠᠢ ᠰᠢᠯᠢᠳᠡᠭ ᠬᠦᠴᠦᠨ ᠢ | ᠲᠠᠲᠠᠵᠤ ᠲᠤᠰᠬᠠᠢ ᠠᠩᠭᠢ ᠶᠢ ᠪᠦᠷᠢᠯᠳᠦᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠲᠤᠰᠬᠠᠢ ᠬᠠᠷᠢᠭᠤᠴᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |