ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/12/10
           12 ᠳ᠋ᠤᠭᠠᠷ ᠰᠠᠷ᠎ᠠ ᠶᠢᠨ 9 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 24 ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ ᠪᠤᠢ︶ ᠰᠢᠨ᠎ᠡ ᠪᠠᠷ ᠨᠡᠮᠡᠭᠳᠡᠪᠡ᠃ ᠰᠢᠨ᠎ᠡ ᠪᠠᠷ ᠨᠡᠮᠡᠭᠳᠡᠭᠰᠡᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠨᠠᠷᠢᠨ ᠪᠠᠶᠢᠳᠠᠯ ᠨᠢ ᠳᠣᠤᠷᠠᠬᠢ ᠮᠡᠲᠦ᠄        490 ᠳ᠋ᠦ᠋ᠭᠡᠷ ᠲᠣᠳᠣᠯᠠᠭᠰᠠᠨ ᠡᠪᠡᠳᠴᠢᠨ ᠤ ᠵᠢᠱᠢᠶ᠎ᠡ᠄ ᠮᠠᠨᠵᠤᠤᠷ ᠬᠤᠲᠠ ᠶᠢᠨ ᠪᠢᠲᠡᠭᠦᠮᠵᠢᠯᠡᠨ ᠬᠤᠷᠢᠭᠯᠠᠬᠤ ᠲᠣᠭᠤᠷᠢᠭ ᠲᠠᠬᠢ ᠬᠥᠮᠦᠰ ᠤᠨ ᠪᠥᠭᠡᠮ ᠬᠦᠴᠢᠯ ᠢ ᠰᠢᠭᠰᠢᠨ ᠪᠠᠶᠢᠴᠠᠭᠠᠬᠤ ᠳᠤ ᠠᠷᠭ᠎ᠠ ᠴᠢᠨᠠᠷ ᠢᠯᠡᠷᠡᠵᠦ ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠵᠠᠢ᠃        491 — 513 ᠳ᠋ᠤᠭᠠᠷ ᠲᠣᠳᠣᠯᠠᠭᠰᠠᠨ ᠡᠪᠡᠳᠴᠢᠨ ᠤ ᠵᠢᠱᠢᠶ᠎ᠡ᠄ ᠴᠥᠮ ᠮᠠᠨᠵᠤᠤᠷ ᠬᠤᠲᠠ ᠶᠢᠨ ᠲᠥᠪᠯᠡᠷᠡᠭᠦᠯᠦᠨ ᠲᠤᠰᠠᠭᠠᠷᠯᠠᠭᠰᠠᠨ ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠵᠠᠢ᠃        ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠲᠤᠰᠠᠭᠠᠷᠯᠠᠨ ᠡᠮᠴᠢᠯᠡᠵᠦ᠂ ᠲᠠᠬᠤᠯ ᠡᠪᠡᠳᠴᠢᠨ ᠤ ᠪᠠᠶᠢᠴᠠᠭᠠᠯᠲᠠ᠂ ᠵᠢᠭᠰᠠᠭᠠᠨ ᠪᠠᠶᠢᠴᠠᠭᠠᠯᠲᠠ ᠵᠡᠷᠭᠡ ᠬᠤᠯᠪᠣᠭᠳᠠᠯ ᠪᠦᠬᠦᠢ ᠠᠵᠢᠯ ᠢ ᠶᠠᠭ ᠶᠠᠪᠤᠭᠳᠠᠭᠤᠯᠵᠤ ᠪᠠᠶᠢᠨ᠎ᠠ᠃        12 ᠳ᠋ᠤᠭᠠᠷ ᠰᠠᠷ᠎ᠠ ᠶᠢᠨ 9 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 515 ︵ᠬᠥᠯᠥᠨ ᠪᠤᠶᠢᠷ ᠤᠨ ᠮᠠᠨᠵᠤᠤᠷ ᠬᠤᠲᠠ ᠳᠤ 507᠂ ᠰᠢᠨ᠎ᠡ ᠪᠠᠷᠭᠤ ᠪᠠᠷᠠᠭᠤᠨ ᠬᠤᠰᠢᠭᠤᠨ ᠳᠤ 6 ᠪᠣᠶ︔ ᠮᠠᠨᠵᠤᠤᠷ ᠬᠤᠲᠠ ᠳᠤ ᠬᠤᠯᠪᠣᠭᠳᠠᠭᠰᠠᠨ ᠲᠣᠳᠣᠯᠠᠭᠰᠠᠨ 2 ᠡᠪᠡᠳᠴᠢᠨ ᠤ ᠵᠢᠱᠢᠶ᠎ᠡ ᠨᠢ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ ᠪᠣᠶ︶ ᠪᠠᠶᠢᠨ᠎ᠠ᠃ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号