ᠸᠠᠩ ᠯᠢ ᠰᠢᠶᠠ ᠮᠠᠨᠵᠤᠤᠷ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠢ ᠡᠷᠬᠢᠨ ᠦᠵᠡᠵᠦ ᠲᠣᠬᠤᠨᠢᠭᠤᠯᠬᠤ ᠳᠠᠭᠠᠨ ᠴᠢᠬᠤᠯᠠᠴᠢᠯᠠᠭᠰᠠᠨ ᠨᠢ ᠵᠤᠷᠢᠭ ᠢᠶᠠᠨ ᠡᠷᠴᠢᠯᠠᠵᠦ ᠪᠣᠭᠤᠮᠲᠠ ᠶᠢ ᠰᠠᠶᠢᠳᠤᠷ ᠰᠠᠬᠢᠵᠤ ᠯᠠᠪᠳᠠᠭᠤᠨ ᠪᠠᠳᠤᠳᠠᠢ ᠠᠵᠢᠯᠯᠠᠵᠥ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠴᠦᠰ ᠤᠨ ᠢᠯᠠᠯᠲᠠ ᠶᠢ ᠲᠡᠮᠡᠴᠡᠨ ᠣᠯᠬᠤ ᠬᠡᠷᠡᠭᠳᠡᠢ
ᠨᠡᠶᠢᠲᠡᠯᠡᠭᠰᠡᠨ ᠴᠠᠭ᠄
2021/12/14
             12 ᠰᠠᠷ᠎ᠠ ᠶᠢᠨ 12 ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠮᠠᠨᠵᠤᠤᠷ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠵᠢᠭᠦᠷᠯᠡᠨ ᠰᠠᠬᠢᠬᠤ ᠴᠡᠭ ᠪᠣᠯᠤᠨ ᠡᠮᠴᠢ ᠰᠤᠪᠢᠯᠠᠭᠴᠢᠳ ᠤᠨ ᠰᠠᠭᠤᠭ᠎ᠠ ᠭᠠᠵᠠᠷ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠢ ᠡᠷᠬᠢᠨ ᠦᠵᠡᠵᠥ ᠲᠣᠬᠤᠨᠢᠭᠤᠯᠪᠠ᠃ ᠲᠡᠷᠡ ᠵᠤᠷᠢᠭ ᠢᠶᠠᠨ ᠡᠷᠴᠢᠯᠠᠵᠦ᠂ ᠪᠣᠭᠤᠮᠲᠠ ᠶᠢ ᠰᠠᠶᠢᠲᠤᠷ ᠰᠠᠬᠢᠵᠤ᠂ ᠯᠠᠪᠳᠠᠭᠤᠨ ᠪᠠᠲᠤᠲᠠᠢ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠴᠦᠰ ᠤᠨ ᠢᠯᠠᠯᠲᠠ ᠶᠢ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠹᠦ᠋ ᠰᠢᠨ ᠰᠠᠭᠤᠭᠠᠯᠢ ᠠᠷᠠᠳ ᠤᠨ ᠲᠣᠭᠤᠷᠢᠭ ᠤᠨ ᠵᠢᠵᠢᠭᠦᠷᠯᠡᠨ ᠰᠠᠬᠢᠬᠤ ᠴᠡᠭ ᠲᠤ ᠬᠦᠷᠴᠦ᠂ ᠸᠠᠩ ᠯᠢ ᠰᠢᠶᠠ ᠲᠤᠬᠠᠢ ᠶᠢᠨ ᠲᠠᠯᠠᠪᠠᠢ ᠳᠤ ᠵᠢᠵᠢᠭᠦᠷᠯᠡᠵᠦ ᠪᠠᠶᠢᠭ᠎ᠠ ᠺᠠᠳ᠋ᠷ ᠴᠠᠭᠳᠠᠭ᠎ᠠ ᠪᠣᠯᠤᠨ ᠠᠵᠢᠯᠲᠠᠳ ᠠᠴᠠ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠨᠠᠷᠢᠨ ᠠᠰᠠᠭᠤᠵᠤ᠂ ᠠᠵᠢᠯᠲᠠᠳ ᠤᠨ ᠲᠦᠷ ᠰᠠᠭᠤᠵᠤ ᠪᠠᠶᠢᠭ᠎ᠠ ᠮᠠᠶᠢᠬᠠᠨ ᠳᠤ ᠣᠷᠣᠵᠤ ᠪᠠᠶᠢᠴᠠᠭᠠᠨ ᠦᠵᠡᠭᠰᠡᠨ ᠪᠥᠭᠡᠳ ᠲᠡᠳᠡᠨ ᠳᠤ ᠲᠣᠬᠤᠨᠢᠭᠤᠯᠬᠤ ᠪᠣᠳᠠᠰ ᠬᠦᠷᠭᠡᠪᠡ᠃ ᠸᠠᠩ ᠯᠢ ᠰᠢᠶᠠ ᠤᠯᠠᠨ ᠳᠤ ᠬᠠᠯᠠᠭᠤᠨ ᠬᠦᠢᠳᠡᠨ ᠢᠶᠠᠨ ᠲᠠᠩᠴᠡᠭᠦᠯᠬᠦ ᠶᠢ ᠠᠩᠬᠠᠷᠴᠤ᠂ ᠠᠮᠤᠷ ᠲᠦᠪᠰᠢᠨ ᠤ ᠬᠠᠮᠠᠭᠠᠯᠠᠯᠲᠠ ᠶᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠭᠡᠵᠦ ᠲᠠᠬᠢᠨ ᠳᠠᠪᠲᠠᠨ ᠵᠠᠬᠢᠪᠠ᠃ ᠲᠡᠷᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠴᠦᠰ ᠤᠨ ᠱᠠᠳᠤᠨ ᠳᠤ ᠤᠶᠢᠷᠠᠤᠨᠬᠤ ᠲᠤᠳᠤᠮ ᠤᠯᠠᠮ ᠪᠠᠲᠤ ᠰᠠᠬᠢᠵᠤ᠂ ᠬᠠᠮᠢᠶᠠᠷᠴᠤ᠂ ᠲᠣᠭᠲᠠᠪᠤᠷᠢᠵᠢᠭᠤᠯᠬᠤ ᠴᠢᠬᠤᠯᠠᠳᠠᠢ᠂ ᠠᠯᠮᠠᠶᠢᠷᠠᠨ ᠲᠠᠶᠢᠪᠤᠰᠢᠷᠠᠵᠤ ᠪᠣᠯᠬᠤ ᠦᠭᠡᠢ᠂ ᠲᠠᠶᠢᠨ ᠤ ᠦᠶ᠎ᠡ ᠶᠢᠨ ᠪᠠᠶᠢᠳᠠᠯ᠂ ᠪᠣᠭᠤᠮᠲᠠ ᠰᠢᠪᠲᠤᠯᠬᠤ ᠪᠠᠶᠢᠳᠠᠯ ᠢᠶᠠᠨ ᠢᠮᠠᠭᠲᠠ ᠪᠠᠲᠤᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠨᠡᠶᠢᠭᠡᠮ ᠲᠣᠭᠤᠷᠢᠭ ᠤᠨ ᠠᠵᠢᠯᠲᠠᠨ ᠯᠢᠶᠠᠩ ᠶᠢᠩ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠬᠡᠲᠦᠷᠬᠡᠶ ᠵᠦᠳᠡᠷᠡᠭᠰᠡᠨ ᠠᠴᠠ ᠪᠣᠯᠵᠣ ᠠᠵᠢᠯ ᠤᠨ ᠪᠠᠶᠢᠷᠢ ᠳᠡᠭᠡᠷ᠎ᠡ ᠪᠠᠨ ᠮᠠᠨᠠᠷᠠᠨ ᠤᠨᠠᠭᠠᠤᠨ ᠤᠳᠤ ᠡᠮᠨᠡᠬᠦᠯᠵᠤ ᠰᠤᠪᠢᠯᠠᠵᠤ ᠪᠤᠢ ᠃ ᠸᠠᠩ ᠯᠢ ᠰᠢᠶᠠ ᠳᠡᠬᠦᠨ ᠤ ᠰᠠᠭᠤᠵᠤ ᠪᠠᠶᠢᠭ᠎ᠠ ᠡᠭᠦᠳᠡᠨ ᠭᠡᠷ ᠲᠤ ᠬᠦᠷᠴᠦ᠂ ᠲᠡᠭᠦᠨ ᠢ ᠪᠡᠶ᠎ᠡ ᠪᠠᠨ ᠰᠠᠶᠢᠲᠤᠷ ᠰᠤᠪᠢᠯᠠᠵᠤ ᠲᠠᠬᠢᠨ ᠰᠢᠨ᠎ᠡ ᠠᠵᠢᠯ ᠳᠠᠭᠠᠨ ᠭᠠᠷᠤᠭᠠᠷᠠᠢ ᠭᠡᠵᠦ ᠵᠣᠷᠢᠭᠵᠢᠭᠤᠯᠪᠠ᠃ ᠸᠠᠩ ᠯᠢ ᠰᠢᠶᠠ᠂ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠲᠠ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠡᠩ ᠤᠨ ᠦᠶ᠎ᠡ ᠳᠤ ᠦᠵᠡᠵᠦ ᠭᠠᠷᠬᠤ᠂ ᠵᠠᠩᠭᠢᠯᠠᠭ᠎ᠠ ᠶᠢᠨ ᠦᠶ᠎ᠡ ᠳᠤ ᠳᠠᠭᠠᠷᠢᠵᠥ ᠤᠷᠤᠬᠤ᠂ ᠠᠶᠤᠯ ᠲᠦᠭᠰᠢᠭᠦᠷᠢ ᠲᠠᠢ ᠦᠶ᠎ᠡ ᠳᠤ ᠠᠮᠢ ᠴᠦᠯᠡᠵᠦ ᠳᠡᠶᠢᠯᠬᠦ︾ ᠶᠢ ᠦᠨᠡᠨ ᠬᠦ ᠪᠡᠶᠡᠯᠡᠭᠦᠯᠪᠠ᠂ ᠤᠯᠠᠨ ᠤ ᠰᠤᠷᠤᠯᠴᠠᠭᠤᠰᠢᠳᠠᠢ ᠳᠠᠭᠤᠷᠢᠶᠠᠯ ᠮᠦᠨ ᠬᠡᠪᠡ᠃        ᠮᠢᠩ ᠵᠦ ᠵᠤᠴᠢᠳ ᠤᠨ ᠪᠠᠭᠤᠳᠠᠯ ᠳᠤ᠂ ᠸᠠᠩ ᠯᠢ ᠰᠢᠶᠠ ᠬᠥᠯᠥᠨ ᠪᠤᠶᠢᠷ ᠬᠤᠳᠠ ᠶᠢᠨ ᠰᠢᠭᠤᠳ ᠬᠠᠷᠢᠶ᠎ᠠ ᠨᠢᠭᠡᠴᠢ ᠶᠢᠨ ᠨᠠᠮ ᠤᠨ ᠭᠡᠰᠢᠭᠦᠨ ᠰᠠᠶᠢᠨ ᠲᠤᠷᠠᠴᠤᠤᠯ ᠤᠨ ᠭᠠᠪᠰᠢᠭᠠᠢ ᠠᠩᠬᠢ ᠶᠢᠨ ᠭᠡᠰᠢᠭᠦᠳ ᠢ ᠲᠣᠬᠤᠨᠢᠭᠤᠯᠵᠤ ᠪᠠᠶᠢᠬᠤ ᠪᠠᠨ ᠢᠯᠡᠳᠭᠡᠪᠡ᠂ ᠲᠡᠷᠡ᠂ ᠲᠠ ᠨᠠᠷ ᠰᠠᠨᠠᠭᠠᠴᠢᠯᠠᠭ᠎ᠠ ᠠᠴᠠ ᠪᠠᠨ ᠮᠠᠨᠵᠤᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠢᠷᠡᠵᠥ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠣᠯᠤᠨ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠭᠦᠢᠴᠡᠳ ᠦᠢᠯᠡᠳᠦᠯᠭᠡᠵᠢᠭᠦᠯᠵᠡᠢ᠂ ᠡᠷᠬᠡᠪᠰᠢ ᠠᠵᠢᠯᠯᠠᠵᠤ ᠠᠮᠠᠷᠠᠬᠤ ᠪᠠᠨ ᠤᠶᠠᠯᠳᠤᠭᠤᠯᠬᠤ ᠶᠢ ᠠᠩᠬᠠᠷᠴᠤ᠂ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠥᠴᠦᠬᠡᠨ ᠴᠦ ᠰᠤᠯᠠᠷᠠᠭᠤᠯᠤᠯ ᠦᠭᠡᠢ ᠪᠠᠷ ᠯᠠᠪᠳᠠᠭᠤᠨ ᠪᠠᠲᠤᠲᠠᠢ ᠠᠵᠢᠯᠯᠠᠬᠤ ᠬᠡᠷᠡᠭᠲᠡᠢ ᠭᠡᠵᠦ ᠬᠡᠯᠡᠪᠡ᠃         ᠨᠢ ᠵᠢᠢ ᠶᠢᠨ ᠵᠤᠴᠢᠳ ᠤᠨ ᠪᠠᠭᠤᠳᠠᠯ ᠪᠣᠯ ᠮᠠᠨᠵᠤᠤᠷ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠰᠠᠯᠠᠬᠤ ᠬᠥᠯᠥᠨ ᠪᠤᠶᠢᠷ ᠬᠤᠳᠠ ᠶᠢᠨ ᠳᠣᠯᠣᠳᠤᠭᠠᠷ ᠡᠮᠴᠢᠯᠡᠭᠡᠨ ᠤ ᠠᠩᠬᠢ ᠶᠢᠨ ᠰᠠᠭᠤᠭ᠎ᠠ ᠭᠠᠵᠠᠷ ᠪᠣᠯᠤᠨ᠎ᠠ᠂ ᠸᠠᠩ ᠯᠢ ᠰᠢᠶᠠ ᠠᠳᠡ ᠭᠡᠰᠢᠭᠦᠳ ᠢ ᠲᠣᠬᠤᠨᠢᠭᠤᠯᠬᠤ ᠶᠢᠨ ᠬᠠᠮᠲᠤ ᠲᠡᠳᠡᠨ ᠳᠤ ᠲᠣᠬᠤᠨᠢᠭᠤᠯᠬᠤ ᠪᠣᠳᠠᠰ ᠬᠦᠷᠭᠡᠵᠡᠢ᠃ ᠸᠠᠩ ᠯᠢ ᠰᠢᠶᠠ᠂ ᠴᠠᠭᠠᠨ ᠴᠠᠮᠴᠠ ᠪᠠᠨ ᠡᠮᠦᠰᠪᠡᠯ ᠳᠠᠷᠤᠢ ᠪᠠᠶᠢᠯᠳᠤᠭᠴᠢ ᠪᠣᠯᠴᠢᠬᠠᠨ᠎ᠠ᠂ ᠲᠠ ᠨᠠᠷ ᠪᠣᠯ ᠬᠠᠮᠤᠭ ᠤᠨ ᠭᠤᠶᠤ ᠡᠮᠴᠢ ᠰᠤᠪᠢᠯᠠᠭᠴᠢ ᠮᠥᠨ᠂ ᠲᠡᠷᠡ ᠳᠠᠷᠤᠢ ᠳᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠢᠷᠡᠵᠥ᠂ ᠵᠦᠢᠯ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ ᠡᠳᠦᠷ ᠰᠥᠨᠢ ᠦᠭᠡᠢ ᠠᠵᠢᠯᠯᠠᠪᠠ᠂ ᠪᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠮᠦᠨ᠎ᠡ ᠠᠴᠠ ᠲᠠ ᠨᠠᠷ ᠢ ᠲᠣᠬᠤᠨᠢᠭᠤᠯᠵᠤ ᠪᠠᠶᠢᠬᠤ ᠪᠠᠨ ᠢᠯᠡᠳᠭᠡᠵᠦ᠂ ᠮᠠᠨᠵᠤᠤᠷ ᠤᠨ ᠠᠷᠠᠳ ᠲᠦᠮᠡᠨ ᠤ ᠡᠮᠦᠨ᠎ᠡ ᠠᠴᠠ ᠲᠠ ᠨᠠᠷ ᠲᠤ ᠲᠠᠯᠠᠷᠬᠠᠵᠤ ᠪᠠᠶᠢᠬᠤ ᠪᠠᠨ ᠢᠯᠡᠳᠭᠡᠶ᠎ᠡ᠃ ᠲᠠ ᠨᠠᠷ ᠡᠷᠴᠢ ᠵᠤᠷᠢᠭ ᠢᠶᠠᠨ ᠬᠦᠪᠴᠢᠯᠡᠵᠥ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠪᠣᠭᠤᠮᠲᠠ ᠶᠢ ᠰᠠᠶᠢᠲᠤᠷ ᠰᠠᠬᠢᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠬᠦᠨᠳᠦ ᠡᠪᠡᠳᠴᠢᠨ ᠤ ᠨᠤᠷᠮ᠎ᠠ ᠪᠣᠯᠤᠨ ᠦᠬᠦᠬᠦ ᠨᠤᠷᠮ᠎ᠠ ᠶᠢ ᠪᠠᠭᠤᠷᠠᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠠᠨᠳᠤ ᠶᠢ ᠰᠠᠶᠢᠲᠤᠷ ᠬᠠᠮᠠᠭᠠᠯᠠᠬᠤ ᠶᠢ ᠬᠦᠰᠡᠵᠦ ᠪᠠᠶᠢᠨ᠎ᠠ ᠭᠡᠪᠡ᠃          ᠸᠠᠩ ᠯᠢ ᠰᠢᠶᠠ ᠪᠠᠰᠠ ᠡᠮᠤᠨ᠎ᠡ ᠹᠷᠣᠨᠲ ᠤᠨ ᠰᠣᠨᠢᠨ ᠮᠡᠳᠡᠭᠡᠨ ᠤ ᠠᠵᠢᠯᠲᠠᠳ ᠢ ᠡᠷᠬᠢᠨ ᠦᠵᠡᠵᠥ ᠲᠣᠬᠤᠨᠢᠭᠤᠯᠪᠠ᠃ ᠲᠡᠷᠡ᠂ ᠤᠯᠠᠨ ᠢ ᠬᠢᠵᠢᠭ ᠲᠠᠢ ᠲᠡᠮᠡᠴᠡᠵᠦ ᠪᠠᠶᠢᠭ᠎ᠠ ᠪᠣᠳᠠᠲᠤ ᠪᠠᠶᠢᠳᠠᠯ ᠪᠣᠯᠤᠨ ᠬᠢᠵᠢᠭ ᠲᠠᠢ ᠳᠠᠶᠢᠯᠠᠯᠳᠤᠵᠥ ᠪᠠᠶᠢᠭ᠎ᠠ ᠪᠣᠳᠠᠲᠤ ᠪᠠᠶᠢᠳᠠᠯ ᠢ ᠲᠦᠷᠭᠡᠨ ᠣᠨᠣᠪᠴᠢᠲᠠᠢ᠂ ᠠᠮᠢᠳᠤᠯᠢᠭ ᠪᠣᠳᠠᠲᠠᠢ᠂ ᠲᠣᠪᠴᠢ ᠠᠪᠰᠠᠷᠬᠠᠨ ᠦᠨᠡᠨ ᠪᠣᠳᠠᠲᠠᠢ ᠪᠠᠷ ᠮᠡᠳᠡᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠳᠠᠯᠢ ᠪᠤᠰᠤ ᠱᠠᠳᠤ ᠦᠶ᠎ᠡ ᠶᠢ ᠦᠨᠳᠦᠰᠦᠯᠡᠨ ᠮᠡᠳᠡᠭᠡᠯᠡᠬᠦ ᠴᠢᠭᠯᠡᠯ ᠪᠣᠯᠤᠨ ᠮᠡᠳᠡᠭᠡᠯᠡᠬᠦ ᠠᠷᠭ᠎ᠠ ᠬᠡᠯᠪᠡᠷᠢ ᠳᠡᠭᠡᠨ ᠲᠤᠬᠢᠷᠠᠭᠤᠯᠤᠯᠳᠠ ᠬᠢᠵᠦ᠂ ᠭᠠᠳᠠᠨᠠᠬᠢ ᠶᠢᠨ ᠬᠢᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦ ᠶᠠᠪᠤᠴᠠ ᠪᠦᠬᠦ ᠪᠠᠶᠢᠳᠠᠯ ᠢ ᠳᠠᠷᠤᠢ ᠲᠦᠷᠭᠡᠨ ᠣᠶᠢᠯᠠᠭᠠᠭᠤᠯᠵᠤ᠂ ᠮᠠᠨᠵᠤᠤᠷ ᠤᠨ ᠬᠢᠵᠢᠭ ᠲᠠᠢ ᠲᠡᠮᠡᠴᠡᠬᠦ ᠲᠡᠮᠡᠴᠡᠯ ᠳᠤ ᠶᠠᠷᠢᠶ᠎ᠠ ᠬᠡᠯᠡᠯᠴᠡᠭᠡᠨ ᠤ ᠬᠦᠴᠦᠲᠡᠢ ᠳᠡᠮᠵᠢᠯᠭᠡ ᠣᠯᠭᠤᠭᠠᠷᠠᠢ ᠭᠡᠵᠦ ᠵᠣᠷᠢᠭᠵᠢᠭᠤᠯᠪᠠ᠃        ᠬᠥᠯᠥᠨ ᠪᠤᠶᠢᠷ ᠬᠤᠲᠠ᠂ ᠮᠠᠨᠵᠤᠤᠷ ᠬᠤᠲᠠ ᠶᠢᠨ ᠬᠠᠷᠢᠭᠤᠴᠠᠯᠭᠠᠲᠠᠨ ᠨᠥᠬᠦᠳ ᠬᠠᠮᠲᠤ ᠪᠠᠷ ᠲᠣᠬᠤᠨᠢᠭᠤᠯᠪᠠ᠃                
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号