ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/12/14
       12 ᠳ᠋ᠤᠭᠠᠷ ᠰᠠᠷ᠎ᠠ ᠶᠢᠨ 12 ᠤᠨ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠂ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 5 ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ︶ ᠰᠢᠨ᠎ᠡ ᠪᠠᠷ ᠨᠡᠮᠡᠭᠳᠡᠵᠡᠢ᠃ ᠲᠤᠬᠠᠢ ᠶᠢᠨ ᠭᠠᠵᠠᠷ ᠤᠨ ᠲᠣᠳᠤᠯᠠᠭᠰᠠᠨ 19 ᠡᠪᠡᠳᠴᠢᠨ ᠤ ᠵᠢᠱᠢᠶ᠎ᠡ ︵ᠴᠦᠮ ᠬᠦᠯᠦᠨ ᠪᠤᠶᠢᠷ ᠤᠨ ᠮᠠᠨᠵᠤᠤᠷ ᠬᠤᠲᠠ︶ ᠡᠷᠡᠭᠦᠯᠵᠢᠵᠦ ᠡᠮᠨᠡᠯᠭᠡ ᠠᠴᠠ ᠭᠠᠷᠪᠠ᠃ ᠰᠢᠨ᠎ᠡ ᠪᠠᠷ ᠨᠡᠮᠡᠭᠳᠡᠭᠰᠡᠨ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠪᠣᠳᠠᠲᠠᠶ ᠪᠠᠶᠢᠳᠠᠯ ᠨᠢ ᠳᠣᠤᠷᠠᠬᠢ ᠮᠡᠲᠦ᠄        ᠲᠣᠳᠤᠯᠠᠭᠰᠠᠨ ᠡᠪᠡᠳᠴᠢᠨ ᠤ ᠵᠢᠱᠢᠶ᠎ᠡ 539 — 543᠄ ᠴᠥᠮ ᠮᠠᠨᠵᠤᠤᠷ ᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠭᠰᠠᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠵᠠᠶ᠃        ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠴᠢᠯᠡᠵᠦ᠂ ᠬᠤᠯᠪᠣᠭᠳᠠᠯ ᠪᠥᠬᠦᠶ ᠳᠠᠬᠤᠯ ᠡᠪᠡᠳᠴᠢᠨ ᠤ ᠵᠢᠭᠰᠠᠭᠠᠨ ᠪᠠᠶᠢᠴᠠᠭᠠᠯᠲᠠ ᠵᠡᠷᠭᠡ ᠠᠵᠢᠯ ᠢ ᠶᠠᠭ ᠶᠠᠪᠤᠭᠳᠠᠭᠤᠯᠵᠤ ᠪᠠᠶᠢᠨ᠎ᠠ᠃        12 ᠰᠠᠷ᠎ᠠ ᠶᠢᠨ 12 ᠤᠨ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 520 ︵ᠬᠥᠯᠥᠨ ᠪᠤᠶᠢᠷ ᠤᠨ ᠮᠠᠨᠵᠤᠤᠷ ᠬᠤᠲᠠ ᠳᠤ 509᠂ ᠰᠢᠨ᠎ᠡ ᠪᠠᠷᠭᠤ ᠪᠠᠷᠠᠭᠤᠨ ᠬᠤᠰᠢᠭᠤᠨ ᠳᠤ 9᠂ ᠮᠠᠨᠵᠤᠤᠷ ᠬᠤᠲᠠ ᠳᠤ ᠬᠤᠯᠪᠤᠭᠳᠠᠯ ᠲᠠᠢ ᠲᠣᠳᠤᠯᠠᠭᠰᠠᠨ 2 ᠡᠪᠡᠳᠴᠢᠨ ᠤ ᠵᠢᠱᠢᠶ᠎ᠡ ᠨᠢ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ︶ ᠪᠠᠶᠢᠨ᠎ᠠ᠃ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号