ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/12/14
       12 ᠳ᠋ᠤᠭᠠᠷ ᠰᠠᠷ᠎ᠠ ᠶᠢᠨ 13 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠨ᠎ᠡ ᠪᠠᠷ ᠨᠡᠮᠡᠭᠳᠡᠭᠰᠡᠨ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠪᠠᠶᠢᠬᠤ ᠥᠬᠡᠶ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 5 ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ ᠪᠤᠢ︶ ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠣᠯᠠᠭᠰᠠᠨ 10 ᠡᠪᠡᠳᠴᠢᠨ ᠤ ᠵᠢᠱᠢᠶ᠎ᠡ ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ ᠪᠤᠢ︶ ᠡᠷᠡᠭᠦᠯᠵᠢᠵᠦ ᠡᠮᠨᠡᠯᠭᠡ ᠠᠴᠠ ᠭᠠᠷᠪᠠ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠨᠠᠷᠢᠨ ᠪᠠᠶᠢᠳᠠᠯ ᠨᠢ ᠳᠣᠤᠷᠠᠬᠢ ᠮᠡᠲᠦ᠄        544 — 547 ᠳ᠋ᠦ᠋ᠭᠡᠷ ᠲᠣᠳᠣᠯᠠᠭᠰᠠᠨ ᠡᠪᠡᠳᠴᠢᠨ ᠤ ᠵᠢᠱᠢᠶ᠎ᠡ᠄ ᠴᠥᠮ ᠮᠠᠨᠵᠤᠤᠷ ᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠪᠠ᠃        548 ᠳ᠋ᠤᠭᠠᠷ ᠲᠣᠳᠣᠯᠠᠭᠰᠠᠨ ᠡᠪᠡᠳᠴᠢᠨ ᠤ ᠵᠢᠱᠢᠶ᠎ᠡ᠄ ᠮᠠᠨᠵᠤᠤᠷ ᠬᠤᠲᠠ ᠶᠢᠨ ᠭᠤᠤᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠢ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠪᠠ᠃        ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠲᠤᠰᠠᠭᠠᠷᠯᠠᠨ ᠡᠮᠴᠢᠯᠡᠬᠦ ᠪᠠ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠲᠠᠬᠤᠯ ᠡᠪᠡᠳᠴᠢᠨ ᠤ ᠪᠠᠶᠢᠴᠠᠭᠠᠯᠲᠠ᠂ ᠵᠢᠭᠰᠠᠭᠠᠨ ᠪᠠᠶᠢᠴᠠᠭᠠᠯᠲᠠ ᠵᠡᠷᠭᠡ ᠬᠤᠯᠪᠣᠭᠳᠠᠯ ᠪᠦᠬᠦᠢ ᠠᠵᠢᠯ ᠢ ᠶᠠᠭ ᠶᠠᠪᠤᠭᠳᠠᠭᠤᠯᠵᠤ ᠪᠠᠶᠢᠨ᠎ᠠ᠃        12 ᠳ᠋ᠤᠭᠠᠷ ᠰᠠᠷ᠎ᠠ ᠶᠢᠨ 13 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 515 ︵ᠬᠥᠯᠥᠨ ᠪᠤᠶᠢᠷ ᠤᠨ ᠮᠠᠨᠵᠤᠤᠷ ᠬᠤᠲᠠ ᠳᠤ 504᠂ ᠰᠢᠨ᠎ᠡ ᠪᠠᠷᠭᠤ ᠪᠠᠷᠠᠭᠤᠨ ᠬᠤᠰᠢᠭᠤᠨ ᠳᠤ 9 ᠪᠤᠢ︔ ᠮᠠᠨᠵᠤᠤᠷ ᠬᠤᠲᠠ ᠳᠤ ᠬᠤᠯᠪᠣᠭᠳᠠᠭᠰᠠᠨ ᠲᠣᠳᠣᠯᠠᠭᠰᠠᠨ 2 ᠡᠪᠡᠳᠴᠢᠨ ᠤ ᠵᠢᠱᠢᠶ᠎ᠡ ᠨᠢ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ ᠪᠣᠶ︶ ᠪᠠᠶᠢᠨ᠎ᠠ᠃ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号