ᠬᠤᠲᠠ ᠶᠢᠨ ᠭᠤᠷᠪᠠᠳᠤᠭᠠᠷ ᠠᠵᠤ ᠦᠢᠯᠡᠰ ᠤᠨ ᠬᠦᠭᠵᠢᠯᠲᠡ ᠶᠢ ᠠᠬᠢᠭᠤᠯᠬᠤ ᠬᠤᠷᠠᠯ ᠬᠤᠩᠱᠠᠨ ᠲᠣᠭᠤᠷᠢᠭ ᠲᠤ ᠢᠷᠡᠵᠦ ᠲᠤᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2021/12/15
        12 ᠰᠠᠷ᠎ᠠ ᠶᠢᠨ 13 ᠤ ᠡᠳᠦᠷ ᠬᠤᠲᠠ ᠶᠢᠨ ᠵᠠᠰᠠᠭ ᠤᠨ ᠣᠷᠳᠤᠨ ᠪᠦᠬᠦ ᠬᠤᠲᠠ ᠶᠢᠨ ᠭᠤᠷᠪᠠᠳᠤᠭᠠᠷ ᠠᠵᠤ ᠦᠢᠯᠡᠰ ᠢ ᠠᠬᠢᠭᠤᠯᠬᠤ ᠬᠤᠷᠠᠯ ᠬᠤᠷᠠᠯᠳᠤᠭᠤᠯᠬᠤ ᠶᠢᠨ ᠬᠠᠮᠲᠤ ᠮᠠᠨ ᠤ ᠲᠤᠭᠤᠷᠢᠭ ᠲᠤ ᠢᠷᠡᠵᠦ ᠭᠤᠷᠪᠠᠳᠤᠭᠠᠷ ᠠᠵᠤ ᠦᠢᠯᠡᠰ ᠤᠨ ᠬᠦᠭᠵᠢᠯᠲᠡ ᠶᠢᠨ ᠪᠠᠶᠢᠳᠠᠯ ᠢ ᠲᠤᠭᠤᠷᠢᠨ ᠪᠠᠶᠢᠴᠠᠭᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠪᠦᠯᠬᠦᠮ ᠳᠠᠭᠠᠭᠤᠯᠤᠨ ᠤᠷᠢᠳ ᠬᠤᠵᠢᠳ ᠬᠤᠩᠱᠠᠨ ᠲᠣᠭᠤᠷᠢᠭ ᠤᠨ ᠢᠲᠡᠭᠡᠮᠵᠢ ᠶᠢᠨ ᠬᠤᠯᠪᠤᠭᠠᠲᠤ ᠬᠤᠷᠰᠢᠶ᠎ᠠ᠂ ᠬᠤᠩᠱᠠᠨ ᠲᠣᠭᠤᠷᠢᠭ ᠤᠨ ᠦᠵᠡᠮᠦᠷᠢ ᠶᠢᠨ ᠴᠡᠴᠡᠭ ᠤᠨ ᠵᠠᠬ᠎ᠠ ᠳᠡᠯᠭᠡᠭᠦᠷ᠂ ᠵᠤᠤ ᠤᠳᠠ ᠨᠤᠤᠰᠤᠨ ᠤ ᠵᠠᠬ᠎ᠠ᠂ ᠯᠢ ᠹᠧᠩ ᠬᠠᠭᠤᠴᠢᠨ ᠲᠡᠷᠭᠡᠨ ᠤ ᠵᠠᠬ᠎ᠠ᠂ ᠸᠧᠢ ᠳ᠋ᠦᠸᠧ ᠯᠢ ᠮᠦᠸᠧ ᠡᠯ ᠴᠧᠩ ᠵᠡᠷᠭᠡ 7 ᠭᠠᠵᠠᠷ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠢᠩ ᠪᠠᠷ᠎ᠠ ᠪᠤᠯᠤᠯᠴᠠᠵᠤ ᠲᠣᠭᠤᠷᠢᠨ ᠪᠠᠶᠢᠴᠠᠭᠠᠪᠠ᠃ ᠲᠤᠭᠤᠷᠢᠨ ᠪᠠᠶᠢᠴᠠᠭᠠᠬᠤ ᠶᠠᠪᠤᠴᠠ ᠳᠤ ᠲᠣᠭᠤᠷᠢᠭ ᠤᠨ ᠤᠳᠤᠷᠢᠳᠤᠯᠭ᠎ᠠ ᠮᠧᠩ ᠹᠠᠨ ᠯᠢᠩ᠂ ᠬᠤᠸᠠᠩ ᠼᠦᠩ ᠸᠧᠢ ᠂ ᠵᠤᠤ ᠲᠦᠩ᠂ ᠯᠢ ᠰᠢᠦᠢ ᠳ᠋ᠦᠩ ᠲᠤᠰᠪᠤᠷᠢ ᠮᠠᠨ ᠤ ᠲᠣᠭᠤᠷᠢᠭ ᠤᠨ ᠮᠦᠩᠭᠦᠨ ᠭᠦᠢᠯᠭᠡᠭᠡᠨ ᠤ ᠦᠢᠯᠡᠰ᠂ ᠵᠢᠭᠤᠯᠴᠢᠯᠠᠯ ᠤᠨ ᠦᠢᠯᠡᠰ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ᠂ ᠰᠢᠭᠤᠳ ᠨᠡᠪᠲᠡᠷᠡᠭᠦᠯᠭᠡ  ᠶᠢᠨ ᠠᠵᠤ ᠠᠬᠤᠢ᠂ ᠬᠦᠳᠡᠯᠮᠦᠷᠢ ᠬᠦᠴᠦᠨ ᠤ ᠡᠬᠢ ᠪᠠᠶᠠᠯᠢᠭ ᠤᠨ ᠦᠢᠯᠡᠰ᠂ ᠲᠤᠰᠬᠠᠶᠢᠵᠢᠭᠰᠠᠨ ᠵᠠᠬ᠎ᠠ ᠳᠡᠯᠭᠡᠭᠦᠷ ᠪᠠ ᠠᠷᠠᠯᠵᠢᠶᠠᠨ ᠤ ᠲᠣᠭᠤᠷᠢᠭ ᠵᠡᠷᠭᠡ ᠶᠢᠨ ᠬᠦᠭᠵᠢᠯᠲᠡ ᠶᠢᠨ ᠪᠠᠶᠢᠳᠠᠯ ᠢ ᠲᠤᠰᠪᠤᠷᠢ ᠬᠠᠷᠢᠭᠤ ᠮᠡᠳᠡᠭᠦᠯᠵᠦ᠂ ᠬᠤᠲᠠ  ᠶᠢᠨ ᠠᠷᠠᠯᠵᠢᠶᠠᠨ ᠤ ᠶᠠᠪᠤᠳᠠᠯ ᠤᠨ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠤᠶᠤᠯ ᠵᠢᠭᠤᠯᠴᠢᠯᠠᠯ ᠤᠨ ᠲᠣᠪᠴᠢᠶ᠎ᠠ᠂ ᠮᠦᠩᠭᠦᠨ ᠭᠦᠢᠯᠭᠡᠭᠡᠨ ᠤ ᠠᠯᠪᠠᠨ ᠭᠡᠷ ᠵᠡᠷᠭᠡ ᠰᠠᠯᠠᠭ᠎ᠠ ᠮᠦᠴᠢᠷ ᠲᠤᠭᠤᠷᠢᠨ ᠪᠠᠶᠢᠴᠠᠭᠠᠭᠰᠠᠨ ᠪᠠᠶᠢᠳᠠᠯ  ᠲᠠᠢ ᠤᠶᠠᠯᠳᠤᠭᠤᠯᠵᠤ ᠦᠨᠡᠯᠡᠯᠲᠡ ᠬᠢᠵᠦ᠂ ᠮᠠᠨ ᠤ ᠲᠣᠭᠤᠷᠢᠭ ᠤᠨ ᠭᠤᠷᠪᠠᠳᠤᠭᠠᠷ ᠠᠵᠤ ᠦᠢᠯᠡᠰ ᠤᠨ ᠬᠦᠭᠵᠢᠯᠲᠡ  ᠶᠢᠨ ᠦᠷ᠎ᠡ ᠪᠦᠲᠦᠮᠵᠢ ᠶᠢ ᠨᠤᠲᠠᠯᠠᠨ᠂ ᠤᠷᠤᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠬᠤ ᠶᠢᠨ ᠬᠠᠮᠲᠤ ᠳᠠᠷᠠᠭ᠎ᠠ ᠠᠯᠬᠤᠮ ᠤᠨ ᠬᠦᠭᠵᠢᠯᠲᠡ ᠶᠢᠨ ᠴᠢᠭᠯᠡᠯ ᠳᠤ ᠰᠠᠨᠠᠯ ᠰᠠᠨᠠᠭᠤᠯᠭ᠎ᠠ ᠳᠤᠷᠠᠳᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号